ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠨᠢᠭᠡᠳᠦᠯᠲᠡᠶ ᠲᠥᠯᠥᠪᠵᠢᠭᠦᠯᠭᠡ ᠳᠣᠤᠷ᠎ᠠ ᠬᠤᠰᠢᠭᠤ ᠣᠶ | ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠦᠤᠰᠢᠨ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠠᠯᠠ ᠣᠷᠣᠭᠤᠯᠤᠯᠲᠠ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠨ ᠵᠢᠯᠣᠭᠤᠴᠢ ᠥᠬᠡᠶ ᠨᠢᠰᠬᠡᠯ ᠤᠨ ᠲᠣᠭᠤᠷᠢᠨ ᠴᠠᠭᠳᠠᠬᠤ ᠮᠡᠷᠭᠡᠵᠢᠯ ᠢ ᠣᠷᠣᠭᠤᠯᠤᠨ ᠠᠪᠴᠢᠷᠠᠵᠤ᠂ | ᠠᠮᠢ ᠠᠬᠤᠶ ᠶᠢᠨ ᠬᠠᠮᠠᠭᠠᠯᠠᠯᠲᠠ ᠳᠤ ᠤᠶᠤᠨᠴᠢᠯᠠᠭᠰᠠᠨ ᠰᠡᠭᠦᠳᠡᠷᠯᠠᠨ ᠡᠵᠡᠮᠰᠢᠭᠦ ᠰᠢᠰᠲ᠋ᠧᠮ ᠤᠭᠰᠠᠷᠠᠨ ᠥᠨᠳᠥᠷ ᠪᠦᠲᠦᠮᠵᠢᠲᠡᠶ᠂ ᠨᠠᠷᠢᠯᠢᠭ ᠣᠨᠣᠴᠠᠲᠠᠶ ᠣᠶ | ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ᠃ | ᠥᠩᠭᠡᠷᠡᠭᠰᠡᠨ ᠳᠤ᠂ ᠪᠥᠬᠦ ᠬᠤᠰᠢᠭᠤᠨ ᠤ 1.17 ᠲᠦᠮᠡᠨ ᠲᠡᠭᠰᠢ ᠳᠥᠷᠪᠡᠯᠵᠢᠨ ᠺᠢᠯᠤᠮᠧᠲᠷ ᠤᠨ ᠣᠶ ᠰᠢᠭᠤᠶ᠂ ᠨᠤᠳᠤᠭ ᠪᠠᠯᠴᠢᠭᠡᠷ᠂ ᠨᠤᠭᠤ ᠭᠠᠵᠠᠷ | ᠢᠶᠠᠷ ᠶᠠᠪᠠᠭᠠᠨ ᠶᠠᠪᠤᠬᠤ ᠪᠤᠶᠤ ᠲᠡᠷᠭᠡ ᠵᠢᠯᠣᠭᠤᠳᠴᠤ ᠲᠣᠭᠤᠷᠢᠨ ᠪᠠᠶᠢᠴᠠᠭᠠᠬᠤ ᠠᠷᠭ᠎ᠠ ᠮᠠᠶ᠋ᠢᠭ ᠨᠢ ᠴᠠᠭ ᠬᠦᠯᠦᠰᠦ ᠶᠡᠭᠡ ᠵᠠᠷᠤᠴᠠᠭᠤᠯᠵᠤ ᠬᠠᠤᠯᠢ ᠶᠢ ᠵᠥᠷᠢᠴᠡᠨ | ᠭᠠᠵᠠᠷ ᠡᠵᠡᠯᠡᠬᠦ᠂ ᠲᠣᠭᠲᠠᠭᠠᠯ ᠢ ᠵᠥᠷᠢᠴᠡᠨ ᠠᠲᠠᠷ ᠬᠠᠭᠠᠯᠪᠤᠷᠢᠯᠠᠬᠤ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠦᠶᠡᠯᠡᠯ ᠤᠨ ᠬᠤᠭᠤᠴᠠᠭ᠎ᠠ ᠣᠷᠳᠣ᠂ | ᠭᠡᠷᠡᠴᠢ ᠠᠪᠬᠤ ᠳᠤ ᠬᠦᠴᠢᠷᠲᠡᠶ ᠵᠡᠷᠭᠡ ᠠᠰᠠᠭᠤᠳᠠᠯ ᠣᠷᠣᠰᠢᠵᠤ ᠪᠠᠶᠢᠪᠠ᠃ ᠤᠳᠤ ᠵᠢᠯᠣᠭᠤᠴᠢ ᠥᠬᠡᠶ ᠨᠢᠰᠬᠡᠯ ᠤᠨ ᠠᠮᠢᠳᠤᠯᠢᠭ ᠬᠤᠷᠳᠤᠨ | ᠳᠠᠪᠠᠭᠤᠯᠢᠭ ᠢᠶᠠᠷ ᠤᠷᠢᠳᠴᠢᠯᠠᠨ ᠪᠠᠶᠢᠭᠤᠯᠤᠭᠰᠠᠨ ᠠᠶᠠᠯᠠᠯ ᠤᠨ ᠱᠤᠭᠤᠮ ᠢᠶᠠᠷ ᠪᠦᠬᠦᠨ ᠢ ᠬᠠᠮᠤᠷᠤᠭᠰᠠᠨ ᠲᠣᠭᠤᠷᠢᠨ ᠬᠠᠮᠠᠭᠠᠯᠠᠬᠤ ᠪᠠᠶᠢᠴᠠᠭᠠᠯᠲᠠ ᠭᠢᠭᠦ ᠪᠤᠯᠵᠤ | ᠴᠠᠭ ᠲᠤᠬᠠᠶ ᠳᠤᠨᠢ ᠲᠤᠳᠤᠷᠬᠠᠢ ᠮᠥᠷᠲᠡᠭᠡᠨ ᠤᠨᠤᠪᠴᠢᠲᠠᠢ ᠵᠢᠷᠤᠭ ᠲᠦᠷᠰᠦ ᠬᠠᠩᠭᠠᠨ ᠲᠣᠭᠤᠷᠢᠨ ᠪᠠᠶᠢᠴᠠᠭᠠᠭᠴᠢ ᠶᠢᠨ ᠣᠶ ᠰᠢᠭᠤᠶ᠂ ᠨᠤᠳᠤᠭ ᠪᠠᠯᠴᠢᠭᠡᠷ᠂ | ᠨᠤᠭᠤ ᠭᠠᠵᠠᠷ ᠤᠨ ᠪᠣᠳᠠᠲᠠᠶ ᠪᠠᠶᠢᠳᠠᠯ ᠢ ᠲᠦᠷᠭᠡᠨ ᠡᠵᠠᠮᠰᠢᠭᠦ ᠳᠤ ᠬᠠᠪᠰᠤᠷᠤᠮᠵᠢ ᠪᠤᠯᠵᠤ ᠵᠢᠷᠤᠭ ᠲᠥᠷᠰᠤ ᠶᠢ ᠲᠦᠷᠭᠡᠨ ᠬᠠᠷᠭᠤᠭᠤᠯᠤᠨ ᠪᠠᠶᠢᠴᠠᠭᠠᠵᠤ | ᠲᠤᠬᠠᠶ ᠶᠢᠨ ᠲᠠᠯᠠᠪᠤᠷ ᠲᠤ ᠣᠨᠣᠪᠴᠢᠲᠠᠶ ᠮᠠᠭᠠᠳᠯᠠᠯᠲᠠ ᠬᠢᠬᠦ ᠪᠤᠯᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠵᠢᠯᠣᠭᠤᠴᠢ ᠥᠬᠡᠶ ᠨᠢᠰᠬᠡᠯ ᠤᠨ ᠬᠠᠮᠢᠶᠠᠷᠤᠨ ᠡᠵᠡᠮᠳᠡᠬᠦ ᠲᠠᠪᠴᠠᠩ ᠢ ᠦᠷᠭᠦᠯᠵᠢᠯᠡᠨ ᠨᠢᠭᠡᠳᠦᠯᠲᠡᠶ | ᠪᠠᠶᠢᠭᠤᠯᠬᠤ ᠪᠠᠷ ᠳᠠᠮᠵᠢᠭᠤᠯᠤᠨ ᠵᠢᠯᠣᠭᠤᠴᠢ ᠥᠬᠡᠶ ᠨᠢᠰᠬᠡᠯ ᠤᠨ ᠲᠣᠭᠤᠷᠢᠨ ᠪᠠᠶᠢᠴᠠᠭᠠᠭᠰᠠᠨ ᠲᠤᠭ᠎ᠠ ᠪᠠᠷᠢᠮᠲᠠ᠂ ᠳᠠᠭᠠᠭᠤᠯᠢ ᠣᠳᠣᠨ ᠤ ᠠᠯᠤᠰ ᠰᠡᠷᠡᠯ ᠤᠨ | ᠮᠡᠳᠡᠭᠡ ᠵᠠᠩᠭᠢ ᠪᠠ ᠭᠠᠵᠠᠷ ᠳᠡᠭᠡᠷᠡᠬᠢ ᠬᠢᠨᠠᠨ ᠬᠡᠮᠵᠢᠯᠲᠡ ᠶᠢᠨ ᠲᠣᠤᠷ ᠰᠦᠯᠵᠢᠶ᠎ᠡ ᠶᠢ ᠡᠮᠬᠢᠯᠡᠨ ᠨᠡᠶᠢᠯᠡᠭᠦᠯᠵᠦ ᠣᠶ ᠰᠢᠭᠤᠶ ᠨᠤᠳᠤᠭ ᠪᠡᠯᠴᠢᠭᠡᠷ ᠤᠨ ᠡᠬᠢ | ᠪᠠᠶᠠᠯᠢᠭ ᠤᠨ ᠣᠶᠤᠨᠴᠢ ᠬᠠᠮᠢᠶᠠᠷᠤᠯᠲᠠ ᠶᠢ ᠪᠡᠶᠡᠯᠡᠭᠦᠯᠦᠨ ᠣᠶ ᠰᠢᠭᠤᠶ ᠨᠤᠳᠤᠭ ᠪᠡᠯᠴᠢᠭᠡᠷ ᠤᠨ ᠡᠬᠢ ᠪᠠᠶᠠᠯᠢᠭ ᠢ ᠨᠠᠷᠢᠯᠢᠭ ᠤᠨᠤᠪᠴᠢᠳᠠᠢ ᠪᠠᠷ ᠬᠢᠨᠠᠨ ᠬᠡᠮᠵᠢᠬᠦ᠂ | ᠬᠠᠤᠯᠢ ᠠᠴᠠ ᠵᠥᠷᠢᠴᠡᠨ ᠡᠵᠡᠯᠡᠨ ᠡᠵᠡᠩᠨᠡᠬᠦ ᠪᠠᠶᠢᠳᠠᠯ ᠢ ᠣᠶᠤᠨᠴᠢ ᠪᠠᠷ ᠢᠯᠭᠠᠨ ᠲᠠᠨᠢᠬᠤ᠂ ᠠᠮᠢ ᠠᠬᠤᠶ ᠶᠢᠨ ᠰᠡᠷᠭᠦᠭᠡᠯᠲᠡ ᠶᠢ ᠬᠥᠳᠡᠯᠦᠩᠭᠦᠶ ᠪᠠᠷ ᠦᠨᠡᠯᠡᠨ | ᠵᠢᠱᠢᠬᠦ᠂ ᠣᠶ ᠰᠢᠭᠤᠶ ᠶᠢᠨ ᠭᠠᠯ ᠰᠡᠷᠭᠡᠶᠢᠯᠡᠯᠲᠡ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠪᠠᠶᠠᠯᠠᠭᠦᠯᠭᠦ ᠶᠢᠨ ᠬᠠᠮᠲᠤ ᠵᠢᠯᠣᠭᠤᠴᠢ ᠥᠬᠡᠶ | ᠨᠢᠰᠬᠡᠯ ᠢᠶᠠᠷ ᠤᠷᠭᠤᠮᠠᠯ ᠤᠨ ᠪᠥᠷᠭᠦᠴᠠ ᠶᠢ ᠨᠡᠶᠢᠳᠡᠮ ᠪᠠᠶᠢᠴᠠᠭᠠᠬᠤ᠂ ᠡᠪᠡᠳᠴᠢᠨ ᠪᠠ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠬᠦ᠂ ᠭᠠᠯ ᠰᠡᠷᠭᠡᠶᠢᠯᠡᠬᠦ ᠶᠢ | ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠮᠢ ᠠᠬᠤᠶ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠰᠢᠨ᠎ᠡ ᠠᠷᠭ᠎ᠠ ᠵᠠᠮ ᠢ ᠥᠷᠭᠡᠳᠭᠡᠭᠦ ᠪᠤᠯᠤᠨ᠎ᠠ᠃ | | | ᠰᠤᠷᠪᠤᠯᠵᠢᠯᠠᠭᠴᠢ᠄ ᠷᠢᠸᠠᠳᠢ᠂ ᠵᠢᠢ ᠫᠧᠩ᠂ ᠬᠤᠤ ᠶᠢᠩ ᠵᠢᠶᠧ |