ᠮᠠᠨ ᠤ ᠬᠤᠰᠢᠭᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ︽ᠠᠮᠤᠷ ᠲᠦᠪᠰᠢᠨ ᠤ ᠬᠠᠯᠬᠠᠪᠴᠢ︾ ᠶᠢ  ᠪᠠᠶᠢᠭᠤᠯᠤᠯ᠎ᠠ
ᠨᠡᠶᠢᠲᠡᠯᠡᠭᠰᠡᠨ ᠴᠠᠭ᠄
2025/5/14
      5 ᠰᠠᠷ᠎ᠠ ᠶᠢᠨ 12 ᠤᠨ ᠡᠳᠦᠷ ᠪᠣᠯ ᠪᠥᠬᠦ ᠤᠯᠤᠰ ᠤᠨ 17 ᠳᠠᠬᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠮᠥᠷᠳᠡᠭᠡᠨ 5 ᠰᠠᠷ᠎ᠠ ᠶᠢᠨ 12 ᠤᠨ ᠡᠳᠦᠷ ᠠᠴᠠ 18 ᠤ ᠡᠳᠦᠷ ᠪᠣᠯᠲᠠᠯ᠎ᠠ ᠪᠤᠯ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠪᠣᠯᠤᠨ᠎ᠠ᠃ 2025 ᠣᠨ ᠤ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠭᠥᠷᠴᠤ ᠢᠷᠠᠭᠦ ᠲᠠᠰᠢᠷᠠᠮ ᠢᠶᠠᠷ ᠮᠠᠨ ᠤ ᠬᠤᠰᠢᠭᠤ᠂ ᠤᠬᠠᠭᠤᠯᠭ᠎ᠠ ᠶᠢᠨ ᠠᠵᠢᠯᠯᠠᠭ᠎ᠠ ᠵᠢᠴᠢ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠲᠠᠷᠬᠠᠭᠠᠬᠤ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠤ ᠠᠬᠤᠢ ᠲᠠᠯᠠᠪᠠᠢ ᠳᠤ᠂ ᠠᠵᠢᠯᠳᠠᠨ ᠠᠴᠠ ᠰᠠᠭᠤᠭᠠᠯᠢ ᠠᠷᠠᠳ ᠲᠤ ᠪᠠᠶᠢᠩᠭᠤ ᠲᠣᠬᠢᠶᠠᠯᠳᠤᠳᠠᠭ ᠭᠠᠮᠰᠢᠭ ᠤᠨ ᠲᠥᠷᠥᠯ ᠵᠦᠢᠯ᠂ ᠰᠡᠷᠭᠡᠶᠢᠯᠡᠬᠦ ᠠᠷᠭ᠎ᠠ ᠪᠠ ᠠᠷᠭᠠᠴᠠᠬᠤ ᠠᠷᠭ᠎ᠠ ᠶᠢ ᠨᠠᠷᠢᠨ ᠬᠢᠨᠠᠮᠠᠭᠠᠢ ᠲᠠᠨᠢᠯᠴᠠᠭᠤᠯᠵᠤ᠂ ᠰᠠᠭᠤᠭᠠᠯᠢ ᠠᠷᠠᠳ ᠲᠤ ᠭᠠᠮᠰᠢᠭ ᠤᠨ ᠡᠮᠦᠨ᠎ᠡ ᠥᠪᠡᠷ ᠤᠨ ᠪᠡᠶ᠎ᠡ ᠪᠠ ᠭᠡᠷ ᠤᠨ ᠬᠥᠮᠦᠰ ᠤᠨ ᠢᠶᠠᠨ ᠠᠮᠤᠷ ᠲᠦᠪᠰᠢᠨ ᠢ ᠬᠡᠷᠬᠢᠨ ᠬᠠᠮᠠᠭᠠᠯᠠᠬᠤ ᠲᠤᠬᠠᠢ ᠮᠡᠳᠡᠯᠭᠡ ᠶᠢ ᠤᠶᠢᠯᠠᠭᠠᠭᠤᠯᠤᠨ ᠲᠡᠳᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠠᠷᠭᠠᠴᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠭᠠᠮᠰᠢᠭ ᠢ ᠪᠠᠭᠠᠰᠬᠠᠬᠤ ᠤᠷ᠎ᠠ ᠴᠢᠳᠠᠪᠤᠷᠢ ᠶᠢ ᠡᠵᠡᠮᠰᠢᠭᠦᠯᠪᠡ᠃      ᠠᠬᠤᠢ ᠲᠠᠯᠠᠪᠠᠶ ᠳᠤ ᠪᠠᠰᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠲᠣᠬᠢᠷᠠᠭᠤᠯᠤᠨ ᠲᠠᠷᠬᠠᠭᠠᠭᠰᠠᠨ ᠪᠠᠶᠢᠨ᠎ᠠ᠃ ᠲᠣᠰ ᠤᠳᠠᠭᠠᠨ ᠤ ᠲᠣᠬᠢᠷᠠᠭᠤᠯᠤᠨ ᠲᠠᠷᠬᠠᠭᠠᠭᠰᠠᠨ ᠡᠳ᠋ ᠪᠣᠳᠠᠰ ᠨᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠠᠴᠠ ᠮᠠᠨ ᠤ ᠬᠤᠰᠢᠭᠤᠨ ᠳᠤ ᠲᠣᠬᠢᠷᠠᠭᠤᠯᠤᠭᠰᠠᠨ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠤᠨ ᠡᠳ᠋ ᠪᠤᠳᠠᠰ ᠪᠠᠶᠢᠵᠦ᠂ ᠶᠡᠷᠦᠩᠬᠡᠶ ᠥᠷᠲᠡᠭ ᠨᠢ 693 ᠲᠦᠮᠡᠨ ᠲᠥᠭᠦᠷᠢᠭ ᠲᠤ ᠬᠦᠷᠴᠦ᠂ ᠮᠠᠨ ᠤ ᠬᠤᠰᠢᠭᠤᠨ ᠤ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠳᠤ ᠪᠠᠲᠤ ᠪᠠᠬᠢ ᠡᠳ᠋ ᠪᠣᠳᠠᠰ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃      ᠦᠦᠰᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠬᠡᠯᠡᠬᠦ ᠳᠤ ᠪᠠᠨ᠄ ︽ᠲᠣᠰ ᠤᠳᠠᠭ᠎ᠠ ᠶᠢᠨ ᠲᠣᠬᠢᠷᠠᠭᠤᠯᠤᠨ ᠲᠠᠷᠬᠠᠭᠠᠭᠰᠠᠨ ᠲᠣᠨᠤᠭ ᠲᠥᠬᠦᠭᠡᠷᠦᠮᠵᠢ ᠡᠳ᠋ ᠪᠣᠳᠠᠰ ᠲᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠵᠤ ᠠᠶᠤᠯ ᠠᠴᠠ ᠠᠪᠤᠷᠠᠬᠤ ᠲᠥᠷᠥᠯ᠂ ᠦᠶᠡᠷ ᠠᠴᠠ ᠰᠡᠷᠭᠡᠶᠢᠯᠡᠨ ᠠᠶᠤᠯ ᠠᠴᠠ ᠠᠪᠤᠷᠠᠬᠤ ᠲᠥᠷᠥᠯ᠂ ᠤᠰᠤᠨ ᠣᠷᠣᠨ ᠤ ᠠᠪᠤᠷᠠᠨ ᠲᠤᠰᠠᠯᠠᠬᠤ ᠲᠥᠷᠥᠯ᠂ ᠭᠠᠵᠠᠷ ᠬᠥᠳᠡᠯᠦᠯᠲᠡ ᠭᠠᠵᠠᠷ ᠰᠢᠨᠵᠢᠯᠠᠭᠡᠨ ᠤ ᠭᠠᠮᠰᠢᠭ ᠠᠴᠠ ᠠᠪᠤᠷᠠᠨ ᠲᠤᠰᠠᠯᠠᠬᠤ ᠲᠥᠷᠥᠯ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠷᠥᠯ ᠵᠡᠷᠭᠡ ᠨᠡᠶᠢᠲᠡ 5 ᠶᠡᠭᠡ ᠲᠥᠷᠥᠯ᠂ 74 ᠪᠠᠭ᠎ᠠ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠡᠳ᠋ ᠪᠣᠳᠠᠰ ᠢ ᠪᠠᠭᠳᠠᠭᠠᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠵᠤ ᠳᠡᠭᠡᠳᠦ ᠱᠠᠲᠤᠨ ᠤ ᠲᠤᠬᠢᠷᠠᠭᠤᠯᠤᠭᠰᠠᠨ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠤᠨ ᠲᠣᠨᠤᠭ ᠲᠥᠬᠦᠭᠡᠷᠦᠮᠵᠢ ᠡᠳ᠋ ᠪᠣᠳᠠᠰ ᠢᠶᠠᠷ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ︿ᠬᠠᠯᠬᠠᠪᠴᠢ﹀ ᠪᠣᠯᠭᠠᠵᠤ᠂ ᠲᠣᠨᠤᠭ ᠲᠥᠬᠦᠭᠡᠷᠦᠮᠵᠢ ᠡᠳ᠋ ᠬᠡᠷᠡᠭᠰᠡᠯ ᠤᠨ ᠦᠷ᠎ᠡ ᠠᠰᠢᠭ ᠢ ᠭᠦᠢᠴᠡᠳ ᠪᠠᠳᠠᠷᠠᠭᠤᠯᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠲᠣᠨᠤᠭ ᠲᠥᠬᠦᠭᠡᠷᠦᠮᠵᠢ ᠶᠢᠨ ᠬᠠᠮᠢᠶᠠᠷᠤᠯᠲᠠ ᠪᠠ ᠲᠣᠬᠢᠷᠠᠭᠤᠯᠤᠯᠲᠠ ᠶᠢ ᠨᠡᠩ ᠴᠢᠩᠭᠠᠳᠬᠠᠵᠤ ᠵᠠᠩᠭᠢᠯᠠᠭ᠎ᠠ ᠶᠢᠨ ᠦᠶ᠎ᠡ ᠬᠡᠷᠡᠭᠯᠡᠵᠦ ᠳᠡᠶᠢᠯᠬᠦ ᠶᠢ  ᠪᠠᠲᠤᠯᠠᠨ᠎ᠠ︾ ᠭᠡᠯ᠎ᠡ᠃                                   ᠰᠤᠷᠪᠤᠯᠵᠢᠯᠠᠭᠴᠢ᠄ ᠷᠢᠸᠠᠳᠢ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ