ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ︽ᠪᠡᠶᠡᠴᠢᠯᠡᠨ ᠣᠶᠢᠯᠠᠭᠠᠵᠤ ᠭᠦᠢᠴᠡᠳᠭᠡᠬᠦ︾ ᠦᠢᠯᠡᠴᠢᠯᠡᠭᠡ ᠠᠷᠠᠳ ᠤᠨ ᠰᠡᠳᠬᠢᠯ ᠢ ᠲᠤᠯᠠᠭᠠᠴᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/5/14
      ᠣᠶᠢᠷ᠎ᠠ ᠶᠢᠨ ᠵᠢᠯ ᠠᠴᠠ᠂ ᠮᠠᠨ ᠤ ᠬᠤᠰᠢᠭᠤ᠂ ᠠᠵᠤ ᠠᠬᠤᠶᠢᠯᠠᠯ ᠵᠢᠴᠢ ᠠᠷᠠᠳ ᠣᠯᠠᠨ ᠤ ᠬᠡᠷᠡᠭ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠦᠦᠰᠢᠨ e ᠬᠡᠷᠡᠭ ᠶᠠᠪᠤᠳᠠᠯ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠢᠯᠡᠴᠢᠯᠡᠭᠡ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠳᠠᠯᠢ ᠪᠤᠰᠤ ᠠᠵᠢᠯ ᠲᠥᠷᠥᠯ ᠤᠨ ᠬᠦᠷᠢᠶᠡᠨ ᠴᠠᠷᠠᠭᠠᠨ ᠤ ᠲᠥᠯᠥᠭᠡᠯᠡᠭᠴᠢ ᠶᠢ ᠤᠷᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭ᠎ᠠ ᠶᠢᠨ ᠪᠥᠬᠦ ᠶᠠᠪᠤᠴᠠ ᠶᠢ ᠪᠡᠶᠡᠴᠢᠯᠡᠨ ᠣᠶᠢᠯᠠᠭᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠪᠠᠷᠢᠮᠵᠢᠶᠠᠵᠢᠬᠤ᠂ ᠵᠢᠷᠤᠮᠵᠢᠬᠤ᠂ ᠳᠥᠭᠦᠮᠴᠢᠯᠡᠬᠦ ᠪᠠᠶᠢᠭᠤᠯᠤᠯᠲᠠ ᠶᠢ ᠠᠬᠢᠭᠤᠯᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ︽ᠦᠦᠰᠢᠨ e ᠬᠡᠷᠡᠭ ᠶᠠᠪᠤᠳᠠᠯ ᠭᠦᠢᠴᠡᠳᠬᠡᠬᠦ︾ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠨᠢ 4 ᠰᠠᠷ᠎ᠠ ᠶᠢᠨ ᠰᠡᠭᠦᠯᠴᠢ ᠪᠣᠯᠲᠠᠯ᠎ᠠ ᠶᠠᠪᠤᠭᠳᠠᠵᠤ᠂ ᠪᠡᠶᠡᠴᠢᠯᠡᠨ ᠣᠶᠢᠯᠠᠭᠠᠬᠤ ᠠᠭᠤᠯᠭ᠎ᠠ ᠳᠤ ᠬᠡᠷᠡᠭ ᠶᠠᠪᠤᠳᠠᠯ ᠭᠦᠢᠴᠡᠳᠬᠡᠬᠦ ᠠᠷᠭ᠎ᠠ ᠮᠠᠶ᠋ᠢᠭ᠂ ᠲᠢᠩᠬᠢᠮ ᠤᠨ ᠢᠵᠢ ᠪᠥᠷᠢᠳᠥᠭᠰᠠᠨ ᠦᠢᠯᠡᠴᠢᠯᠡᠭᠡ᠂ ︽ᠭᠡᠷᠡᠭ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢ ᠨᠠᠶᠢᠳᠠᠪᠤᠷᠢᠵᠢᠭᠤᠯᠬᠤ᠂ ︽ᠭᠡᠷᠡᠴᠢᠯᠡᠯ ᠥᠬᠡᠶ ᠬᠤᠲᠠ ︾ ᠶᠢᠨ ᠪᠥᠲᠥᠭᠡᠨ ᠪᠠᠶᠢᠭᠤᠯᠤᠯᠲᠠ ᠵᠡᠷᠭᠡ 4 ᠲᠠᠯ᠎ᠠ ᠶᠢ ᠪᠠᠭᠲᠠᠭᠠᠵᠤ᠂ ︽ᠬᠡᠷᠡᠭᠯᠡᠭᠴᠢ ᠶᠢᠨ ᠬᠠᠷᠠᠭᠠᠰᠤ︾ ᠪᠠᠷ ᠦᠢᠯᠡᠴᠢᠯᠡᠭᠡᠨ ᠤ ᠲᠤᠲᠠᠭᠳᠠᠯ ᠢ ᠡᠷᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠭᠵᠢᠷᠡᠯ ᠴᠡᠭ᠂ ᠬᠦᠴᠢᠷᠳᠡᠯ ᠲᠠᠢ ᠠᠰᠠᠭᠤᠳᠠᠯ ᠢ ᠪᠥᠬᠦ ᠲᠠᠯ᠎ᠠ ᠪᠠᠷ ᠰᠢᠭᠰᠢᠨ ᠪᠠᠶᠢᠴᠠᠭᠠᠵᠤ᠂ ᠬᠡᠷᠡᠭ ᠶᠠᠪᠤᠳᠠᠯ ᠭᠦᠢᠴᠡᠳᠬᠡᠬᠦ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠰ ᠳᠡᠪᠰᠢᠬᠦ ᠶᠢ ᠠᠬᠢᠭᠤᠯᠬᠤ ᠶᠢ ᠵᠤᠷᠢᠭᠰᠠᠨ ᠪᠠᠶᠢᠨ᠎ᠠ᠃      ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠰᠤᠭ ᠤᠨ ᠬᠠᠷᠢᠭᠤᠴᠠᠯᠭᠠᠲᠠᠨ ᠬᠡᠯᠡᠬᠦ ᠳᠤ ᠪᠠᠨ᠄ ︽ᠲᠠᠷᠠᠭᠠᠴᠢ ᠶᠢᠨ ᠠᠯᠬᠤᠮ ᠳᠤ᠂ ᠪᠡᠶᠡᠴᠢᠯᠡᠨ ᠣᠶᠢᠯᠠᠭᠠᠵᠤ ᠭᠦᠢᠴᠡᠳᠭᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠴᠢᠬᠤᠯᠠ ᠭᠠᠷᠳᠠᠴᠠ ᠪᠣᠯᠭᠠᠵᠤ᠂ ᠪᠠᠷᠢᠮᠵᠢᠶᠠᠵᠢᠭᠰᠠᠨ᠂  ᠵᠢᠷᠤᠮᠵᠢᠭᠰᠠᠨ᠂ ᠳᠦᠭᠦᠮᠴᠢᠯᠡᠭᠰᠡᠨ ᠪᠠᠶᠢᠭᠤᠯᠤᠯᠲᠠ ᠶᠢ ᠦᠷᠭᠦᠯᠵᠢᠯᠡᠨ ᠪᠠᠶᠢᠭᠤᠯᠵᠤ ᠬᠡᠷᠡᠭ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠲᠠᠢ ᠬᠥᠮᠦᠰ ᠤᠨ ᠬᠠᠨᠤᠮᠵᠢᠲᠤ ᠰᠡᠳᠬᠢᠯᠭᠡ ᠪᠠ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ︾ ᠭᠡᠵᠤ ᠪᠠᠶᠢᠯ᠎ᠠ᠃                              ᠰᠤᠷᠪᠤᠯᠵᠢᠯᠠᠭᠴᠢ᠄ ᠷᠢᠸᠠᠳᠢ  ᠸᠠᠩ ᠴᠢ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ