ᠮᠠᠨ ᠤ ᠬᠤᠰᠢᠭᠤ ᠠᠵᠤ ᠦᠢᠯᠡᠳᠪᠦᠷᠢ᠂ ᠲᠠᠷᠢᠶᠠᠯᠠᠩ᠂ ᠠᠷᠠᠳ ᠤᠨ ᠠᠮᠢᠳᠤᠷᠠᠯ ᠵᠡᠷᠭᠡ ᠤᠯᠠᠨ ᠬᠦᠷᠢᠶ᠎ᠡ ᠴᠠᠷᠠᠭᠠᠨ ᠳᠤ ᠤᠰᠤ ᠠᠷᠪᠢᠯᠠᠬᠤ | ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠴᠢᠩᠭᠠᠳᠬᠠᠨ ᠪᠣᠬᠢᠷᠲᠤᠯ ᠥᠬᠡᠶ᠂ ᠥᠨᠳᠥᠷ | ᠪᠦᠲᠦᠮᠵᠢᠲᠡᠶ᠂ ᠥᠷᠭᠦᠯᠵᠢᠯᠡᠬᠦᠶᠢᠴᠡ ᠤᠰᠤ ᠠᠷᠪᠢᠯᠠᠬᠤ ᠬᠥᠭᠵᠢᠯᠲᠡ ᠶᠢᠨ ᠰᠢᠨ᠎ᠡ ᠵᠠᠮ ᠢ ᠨᠡᠭᠡᠭᠡᠯᠠ᠃ | ᠰᠢᠷᠬᠤᠰᠤᠨ ᠪᠠᠯᠭᠠᠰᠤᠨ ᠳᠤ ᠪᠠᠶᠢᠭ᠎ᠠ ︽ᠰᠢᠷᠬᠤᠰᠤᠨ ᠭᠤᠣᠯ ᠤᠨ ᠰᠠᠪᠠ ᠭᠠᠵᠠᠷ ᠤᠨ ᠠᠭᠤᠷᠬᠠᠢ ᠶᠢᠨ ᠬᠤᠳᠳᠤᠭ ᠤᠨ ᠤᠰᠤ ᠶᠢ ᠠᠷᠪᠢᠯᠠᠨ | ᠠᠰᠢᠭᠯᠠᠬᠤ ᠢᠨᠵᠧᠨᠧᠷᠢᠩ︾ ᠤᠨ ᠪᠦᠳᠦᠭᠡᠨ ᠪᠠᠶᠢᠭᠤᠯᠤᠯᠲᠠ ᠨᠢᠭᠡᠨᠲᠡ ᠰᠢᠪᠲᠤᠯᠤᠯᠲᠠ ᠶᠢᠨ ᠱᠠᠲᠤᠨ ᠳᠤ ᠣᠷᠣᠪᠠ᠃ ᠲᠣᠰ ᠲᠥᠷᠥᠯ ᠵᠦᠢᠯ ᠪᠣᠯ ᠦᠤᠰᠢᠨ | ᠬᠤᠰᠢᠭᠤᠨ ᠤ ᠣᠶᠢᠷ᠎ᠠ ᠶᠢᠨ ᠵᠢᠯ ᠳᠤ ᠭᠤᠤᠯᠳᠠᠯᠭ᠎ᠠ ᠲᠠᠢ ᠠᠬᠢᠭᠤᠯᠤᠭᠰᠠᠨ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠨᠢᠭᠡ ᠪᠠᠶᠢᠵᠤ᠂ ᠤᠰᠤ | ᠳᠠᠮᠵᠢᠭᠤᠯᠬᠤ ᠬᠤᠭᠤᠯᠠᠶ ᠱᠤᠭᠤᠮ ᠳᠡᠪᠢᠰᠬᠦ᠂ ᠳᠠᠷᠤᠯᠲᠠ ᠨᠡᠮᠡᠭᠳᠡᠭᠦᠯᠬᠦ ᠬᠥᠭᠡᠷᠭᠡ ᠶᠢᠨ ᠥᠷᠲᠡᠭᠡ ᠪᠠ ᠤᠰᠤ ᠬᠠᠳᠠᠭᠠᠯᠠᠬᠤ ᠴᠥᠭᠦᠷᠥᠮ ᠪᠠᠶᠢᠭᠤᠯᠬᠤ ᠪᠠᠷ | ᠳᠠᠮᠵᠢᠭᠤᠯᠤᠨ᠂ ᠨᠡᠭᠦᠷᠡᠰᠦᠨ ᠠᠭᠤᠷᠬᠠᠶ ᠶᠢᠨ ᠨᠡᠭᠦᠷᠡᠰᠦᠨ ᠳᠠᠪᠬᠤᠷᠭ᠎ᠠ ᠶᠢᠨ ᠤᠰᠤ ᠶᠢ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠡᠬᠢ ᠰᠤᠷᠪᠤᠯᠵᠢ | ᠪᠣᠯᠭᠠᠨ ᠬᠤᠪᠢᠷᠠᠭᠤᠯᠵᠤ ︽ᠠᠵᠤ ᠦᠢᠯᠡᠳᠪᠦᠷᠢ ᠶᠢᠨ ᠬᠠᠶᠠᠭᠳᠠᠮᠠᠯ ᠤᠰᠤ︾ ᠶᠢ ︽ᠤᠰᠤᠯᠠᠯᠲᠠ ᠶᠢᠨ ᠠᠮᠢᠳᠤᠯᠢᠭ ᠤᠰᠤ︾ ᠪᠣᠯᠭᠠᠨ ᠬᠤᠪᠢᠷᠠᠭᠤᠯᠬᠤ | ᠪᠤᠯᠤᠨ᠎ᠠ᠃ | ᠨᠠᠷᠢᠨᠭᠤᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ᠂ ᠥᠪᠥᠷ ᠮᠣᠩᠭᠤᠯ ᠤᠨ ᠵᠦᠩ ᠮᠧᠢ ᠶᠤᠸᠠᠨ ᠰᠢᠩ ᠡᠨᠧᠷᠭᠢ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶᠢᠯᠡᠭᠰᠡᠨ ᠤᠰᠤ ᠰᠢᠢᠳᠪᠦᠷᠢᠯᠡᠬᠦ ᠰᠢᠰᠲ᠋ᠧᠮ ᠶᠠᠭ ᠥᠨᠳᠥᠷ ᠪᠦᠲᠦᠮᠵᠢᠲᠡᠢ ᠠᠵᠢᠯᠯᠠᠵᠤ ᠪᠠᠶᠢᠨ᠎ᠠ᠃ ᠪᠦᠬᠦ | ᠤᠯᠤᠰ ᠤᠨ ᠠᠩᠬᠠᠳᠠᠭᠴᠢ ᠪᠦᠯᠦᠭ ︽ᠳᠠᠪᠤᠰᠤ ᠶᠢ ᠰᠠᠯᠭᠠᠨ ᠡᠭᠡᠭᠦᠯᠤᠨ ᠬᠤᠷᠢᠶᠠᠵᠤ ᠬᠠᠶᠠᠭᠳᠠᠮᠠᠯ ᠤᠰᠤ ᠶᠢ ᠥᠯᠤ ᠭᠠᠳᠠᠭᠰᠢᠯᠠᠭᠤᠯᠬᠤ ︾ ᠠᠵᠤ | ᠦᠢᠯᠡᠳᠪᠦᠷᠢ ᠶᠢᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠲᠣᠨᠣᠭᠯᠠᠯ ᠤᠨ ᠨᠢᠭᠡ ᠪᠣᠯᠤᠭᠰᠠᠨ ᠤ ᠬᠤᠪᠢ ᠳᠤ᠂ ᠲᠤᠰ ᠰᠢᠰᠲ᠋ᠧᠮ ᠤᠨ ᠡᠳᠦᠷ ᠤᠨ | ᠰᠢᠢᠳᠪᠦᠷᠢᠯᠡᠬᠦ ᠴᠢᠳᠠᠪᠤᠷᠢ ᠨᠢ 2.6 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠤᠰᠤᠨ ᠤ ᠡᠭᠡᠭᠦᠯᠤᠨ ᠬᠤᠷᠢᠶᠠᠬᠤ ᠨᠣᠷᠮ᠎ᠠ ᠨᠢ 90% ᠶᠢ | ᠳᠠᠪᠠᠵᠤ᠂ ᠵᠢᠯ ᠪᠦᠷᠢ ᠪᠠᠷᠤᠭ 1000 ᠲᠦᠮᠡᠨ ᠲᠣᠨ ᠬᠠᠶᠠᠭᠳᠠᠮᠠᠯ ᠤᠰᠤ ᠶᠢ ᠡᠭᠡᠭᠦᠯᠤᠨ ᠬᠤᠷᠢᠶᠠᠵᠤ ᠪᠠᠶᠢᠨ᠎ᠠ᠃ | ᠥᠪᠥᠷ ᠮᠣᠩᠭᠤᠯ ᠤᠨ ᠵᠦᠩ ᠮᠧᠢ ᠶᠤᠸᠠᠨ ᠰᠢᠩ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠨᠡᠶᠢᠲᠡ ᠶᠢᠨ ᠬᠡᠷᠡᠭᠯᠡᠭᠡᠨ ᠤ | ᠢᠨᠵᠧᠨᠧᠷᠢᠩ ᠤᠨ ᠶᠡᠷᠦᠩᠬᠡᠢᠯᠡᠭᠰᠡᠨ ᠤᠰᠤ ᠰᠢᠢᠳᠪᠤᠷᠢᠯᠠᠭᠦ ᠮᠡᠷᠭᠡᠵᠢᠯ ᠤᠨ ᠢᠨᠵᠧᠨᠧᠷ ᠤᠨ ᠭᠡᠯᠡᠭᠦ ᠪᠠᠷ᠂ ᠭᠤᠤᠯᠳᠠᠭᠤ ᠮᠧᠲ᠋ᠢᠯ ᠠᠯᠺᠣᠣᠯ ᠤᠨ | ᠦᠢᠯᠡᠳᠪᠦᠷᠢ ᠶᠢᠨ ᠥᠨᠳᠤᠷ ᠥᠳᠭᠡᠴᠠ ᠲᠠᠢ ᠲᠠᠪᠤᠰᠤᠳᠤ ᠤᠰᠤ ᠪᠠ ᠬᠤᠶᠠᠳᠤᠭᠠᠷ ᠨᠤᠮᠧᠷᠳᠤ ᠠᠭᠤᠷᠬᠠᠢ ᠶᠢᠨ ᠬᠤᠳᠳᠤᠭ ᠤᠨ ᠤᠰᠤ ᠶᠢ ᠤᠷᠢᠳᠴᠢᠯᠠᠨ | ᠰᠢᠢᠳᠪᠤᠷᠢᠯᠠᠭᠦ᠂ ᠠᠭᠤᠷᠰᠢᠭᠤᠯᠬᠤ᠂ ᠲᠠᠯᠠᠰᠵᠢᠭᠤᠯᠬᠤ ᠂ ᠳᠠᠪᠤᠰᠤ ᠶᠢ ᠰᠠᠯᠭᠠᠬᠤ ᠪᠠᠷ ᠲᠠᠮᠵᠢᠨ ᠪᠦᠲᠦᠭᠡᠭᠳᠡᠬᠦᠨ ᠤ ᠤᠰᠤ᠂ ᠪᠦᠲᠦᠭᠡᠭᠳᠡᠬᠦᠨ ᠤ ᠳᠠᠪᠤᠰᠤ | ᠪᠠ ᠪᠠᠭ᠎ᠠ ᠬᠡᠮᠵᠢᠶᠡᠨ ᠤ ᠬᠤᠯᠢᠮᠠᠭ ᠳᠠᠪᠤᠰᠤ ᠭᠠᠷᠭᠠᠵᠤ᠂ ᠵᠢᠯ ᠪᠦᠷᠢ ᠶᠢᠨ ᠳᠠᠪᠤᠰᠤᠨ ᠭᠠᠷᠤᠯᠲᠠ 6.6 ᠲᠦ᠋ᠮᠡᠨ ᠲᠤᠨ ᠣᠷᠴᠢᠮ ᠳᠤ ᠭᠥᠷᠳᠡᠭ ᠪᠠᠶᠢᠨ᠎ᠠ᠃ | ᠰᠢᠢᠳᠪᠦᠷᠢᠯᠡᠭᠰᠡᠨ ᠤ ᠳᠠᠷᠠᠭᠠᠬᠢ ︽ᠪᠦᠲᠦᠭᠡᠭᠳᠡᠬᠦᠨ ᠤ ᠤᠰᠤ︾ ᠨᠢ ᠬᠦᠷᠢᠶᠡᠯᠡᠩ ᠲᠣᠭᠤᠷᠢᠭ ᠤᠨ ᠳᠥᠷᠪᠡᠨ ᠠᠵᠤ ᠠᠬᠤᠶᠢᠯᠠᠯ ᠳᠤ ᠤᠰᠤ ᠬᠠᠩᠭᠠᠵᠤ | ︽ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠦᠢᠯᠡᠳᠪᠦᠷᠢ ᠠᠴᠠ ᠭᠠᠷᠭᠠᠬᠤ ᠦᠭᠡᠢ︾ ᠪᠠᠶᠢᠬᠤ ᠪᠤᠭᠢᠷᠳᠤᠯ ᠥᠭᠡᠢ ᠡᠷᠭᠢᠯᠳᠠ ᠶᠢ ᠪᠡᠶᠡᠯᠡᠭᠦᠯᠪᠡ᠃ | 2022 ᠣᠨ ᠳᠤ᠂ ᠲᠤᠰ ᠲᠦᠷᠦᠯ ᠵᠦᠢᠯ ᠨᠢ ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ︽ᠤᠰᠤ ᠶᠢ ᠰᠢᠢᠳᠪᠦᠷᠢᠯᠡᠬᠦ | ᠰᠢᠯᠢᠳᠡᠭ ᠲᠦᠷᠦᠯ ᠵᠦᠢᠯ ᠤᠨ ᠱᠠᠩᠨᠠᠯ︾ ᠢᠶᠠᠷ ᠭᠥᠭᠢᠭᠦᠯᠥᠭᠳᠡᠵᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠲᠠᠯ᠎ᠠ ᠪᠠᠷ ᠪᠦᠬᠦ ᠤᠯᠤᠰ ᠤᠨ ᠭᠡᠪᠴᠢᠶᠠᠨ | ᠳᠤ ᠦᠯᠢᠭᠡᠷ ᠳᠠᠭᠤᠷᠢᠶᠠᠯ ᠪᠣᠯᠵᠠᠢ᠃ | ᠡᠭᠦᠨ ᠲᠠᠢ ᠠᠳᠠᠯᠢ ᠪᠠᠷ᠂ ᠲᠠᠷᠢᠶᠠᠨ ᠭᠠᠵᠠᠷ ᠤᠨ ᠤᠰᠤ ᠠᠷᠪᠢᠯᠠᠬᠤ ᠠᠵᠢᠯᠯᠠᠭ᠎ᠠ ᠴᠤ ᠡᠷᠴᠢᠮ ᠲᠠᠢ ᠶᠠᠪᠤᠭᠳᠠᠵᠤ ᠪᠠᠶᠢᠨ᠎ᠠ᠃ ᠰᠢᠷᠬᠤᠰᠤᠨ | ᠪᠠᠯᠭᠠᠰᠤᠨ ᠤ ᠤᠷᠳᠤᠪᠠᠶᠠ ᠲᠣᠰᠬᠤᠨ ᠳᠤ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠶᠠᠭ ᠪᠥᠬᠦ ᠬᠤᠰᠢᠭᠤᠨ ᠤ ᠲᠠᠷᠢᠮᠠᠯ ᠲᠠᠵᠢᠭᠡᠪᠤᠷᠢ ᠶᠢᠨ ᠲᠣᠮᠣ | ᠡᠷᠦᠬᠡ ᠳᠤ ᠳᠤᠰᠤᠯᠭᠠᠨ ᠤᠰᠤᠯᠠᠬᠤ ᠮᠡᠷᠭᠡᠵᠢᠯ ᠪᠠ ᠣᠷᠭᠠᠨᠢᠭ ᠪᠣᠷᠲᠣᠭᠤᠷ ᠢ ᠬᠡᠷᠡᠭᠯᠡᠬᠦ ᠠᠷᠭ᠎ᠠ ᠮᠠᠶ᠋ᠢᠭ ᠢ ᠳᠡᠯᠭᠡᠨ ᠦᠵᠡᠭᠦᠯᠵᠦ᠂ ᠮᠠᠯᠴᠢᠨ ᠲᠠᠷᠢᠶᠠᠴᠢᠨ ᠤ | ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠭᠦ ᠳᠤ ᠬᠠᠪᠰᠤᠷᠤᠯᠭ᠎ᠠ ᠪᠤᠯᠵᠤ ᠪᠠᠶᠢᠯ᠎ᠠ᠃ | ᠡᠭᠦᠨ ᠠᠴᠠ ᠭᠠᠳᠠᠨ᠎ᠠ᠂ ᠦᠦᠰᠢᠨ ᠬᠤᠰᠢᠭᠤ ᠪᠠᠰᠠ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠴᠢᠭᠢᠭ ᠢ ᠬᠡᠮᠵᠢᠨ ᠤᠰᠤᠯᠠᠯᠳᠠ ᠭᠢᠭᠦ ᠵᠡᠷᠭᠡ | ᠠᠷᠭ᠎ᠠ ᠬᠡᠯᠪᠡᠷᠢ ᠶᠢ ᠳᠡᠯᠭᠡᠷᠡᠭᠦᠯᠵᠦ᠂ ᠲᠠᠷᠢᠶᠠᠯᠠᠩ ᠤᠨ ᠤᠰᠤᠯᠠᠯᠲᠠ ᠶᠢ ᠪᠦᠳᠦᠭᠦᠯᠢᠭ ᠠᠴᠠ ᠨᠠᠷᠢᠯᠢᠭ ᠪᠣᠯᠭᠠᠬᠤ ᠶᠢ ᠠᠬᠢᠭᠤᠯᠪᠠ᠃ ᠣᠲᠣ ᠪᠣᠯᠲᠠᠯ᠎ᠠ᠂ | ᠦᠤᠰᠢᠨ ᠬᠤᠰᠢᠭᠤ ᠨᠢᠭᠡᠨᠲᠡ 30 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ ᠤᠶᠤᠨᠴᠢᠯᠠᠭᠰᠠᠨ ᠤᠰᠤᠯᠠᠯᠲᠠ ᠶᠢᠨ ᠲᠠᠯᠠᠪᠠᠶ ᠶᠢ | ᠲᠣᠭᠲᠠᠭᠤᠨ ᠢᠶᠠᠷ ᠥᠷᠭᠡᠳᠭᠡᠨ ︽ᠬᠡᠷᠡᠭᠴᠡᠭᠡ ᠶᠣᠰᠣᠭᠠᠷ ᠤᠰᠤᠯᠠᠵᠤ᠂ ᠨᠠᠷᠢᠯᠢᠭ ᠤᠨᠤᠪᠴᠢᠳᠠᠢ ᠪᠠᠷ ᠪᠣᠷᠲᠣᠭᠤᠷ ᠣᠷᠣᠭᠤᠯᠬᠤ︾ ᠶᠢ ᠪᠠᠶᠠᠯᠡᠭᠦᠯᠥᠭᠰᠠᠨ | ᠪᠠᠶᠢᠨ᠎ᠠ᠃ | ᠣᠶᠢᠷ᠎ᠠ ᠶᠢᠨ ᠵᠢᠯ ᠳᠤ᠂ ᠮᠠᠨ ᠤ ᠬᠤᠰᠢᠭᠤ ᠤᠰᠤᠨ ᠤ ᠡᠬᠢ ᠪᠠᠶᠠᠯᠢᠭ ᠢ ᠠᠵᠤ ᠠᠬᠤᠶ ᠶᠢᠨ ᠬᠥᠭᠵᠢᠯᠲᠡ ᠶᠢᠨ ᠭᠤᠤᠯᠳᠠᠯᠭ᠎ᠠ ᠪᠣᠯᠭᠠᠨ ᠬᠠᠮᠢᠶᠠᠷᠤᠨ | ᠡᠵᠡᠮᠳᠡᠵᠦ᠂ ᠠᠯᠢ ᠣᠯᠠᠨ ᠲᠥᠷᠥ ᠶᠢᠨ ᠪᠣᠳᠣᠯᠭ᠎ᠠ ᠪᠠᠷ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠤᠭᠢᠷᠠᠭᠤᠯᠬᠤ᠂ ᠲᠥᠷᠥᠯ ᠵᠦᠢᠯ ᠢ ᠬᠢᠨᠠᠨ | ᠵᠥᠪᠰᠢᠶᠠᠷᠠᠭᠦ ᠪᠠ ᠡᠬᠢ ᠪᠠᠶᠠᠯᠢᠭ ᠢ ᠲᠤᠭᠢᠷᠠᠭᠤᠯᠬᠤ ᠪᠠᠷ ᠳᠠᠮᠵᠢᠭᠤᠯᠤᠨ ᠪᠥᠬᠦ ᠴᠠᠷᠠᠭᠠᠨ ᠤ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢ ᠶᠢᠨ ᠬᠢᠨᠠᠨ | ᠬᠡᠮᠵᠢᠯᠲᠡ ᠶᠢᠨ ᠰᠢᠰᠲ᠋ᠧᠮ᠂ ᠲᠥᠷᠥᠯ ᠵᠦᠢᠯ ᠤᠨ ᠤᠰᠤ ᠬᠡᠷᠡᠭᠯᠡᠬᠦ ᠶᠢ ᠵᠥᠪᠰᠢᠶᠡᠷᠡᠬᠦ ᠲᠤᠭᠳᠠᠯᠴᠠᠭ᠎ᠠ ᠪᠠ ᠤᠰᠤ ᠠᠷᠪᠢᠯᠠᠬᠤ ᠶᠢ ᠤᠷᠮᠠᠰᠢᠭᠤᠯᠬᠤ | ᠲᠤᠭᠳᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠵᠤ᠂ ︽ᠤᠰᠤ ᠶᠢ ᠬᠠᠮᠢᠶᠠᠷᠬᠤ︾ ᠠᠴᠠ ︽ᠤᠰᠤ ᠶᠢ ᠵᠠᠰᠠᠬᠤ︾ ᠲᠠᠭᠢᠨ ︽ᠤᠰᠤ ᠶᠢ ᠥᠨᠳᠥᠷ | ᠪᠦᠲᠦᠮᠵᠢᠲᠡᠶ ᠠᠰᠢᠭᠯᠠᠬᠤ︾ ᠥᠰᠤᠷᠤᠯᠳᠠ ᠶᠢᠨ ᠭᠡᠯᠪᠠᠷᠢ ᠶᠢᠨ ᠬᠤᠪᠢᠷᠠᠯᠳᠠ ᠶᠢ ᠪᠡᠶᠡᠯᠡᠭᠦᠯᠪᠡ᠃ | | | ᠰᠤᠷᠪᠤᠯᠵᠢᠯᠠᠬᠴᠢ᠄ ᠤᠶᠤᠨᠴᠢᠮᠡᠭ ᠪᠠᠶᠠᠠᠳᠠᠯᠠᠢ |