ᠥᠥᠰᠢᠨᠵᠤᠤ ᠪᠠᠯᠭᠠᠰᠤ ᠬᠤᠵᠢᠷᠯᠢᠭ ᠤᠰᠤᠨ ᠳᠤ ᠰᠠᠮ ᠬᠤᠷᠣᠬᠠᠶ ᠲᠠᠵᠢᠭᠡᠭᠡᠳ ᠠᠮᠵᠢᠯᠳᠠ ᠤᠯᠤᠯ᠎ᠠ
ᠨᠡᠶᠢᠲᠡᠯᠡᠭᠰᠡᠨ ᠴᠠᠭ᠄
2025/5/15
      ᠣᠶᠢᠷ᠎ᠠ ᠶᠢᠨ ᠡᠳᠣᠷ᠂ ᠥᠥᠰᠢᠨᠵᠤᠤ ᠪᠠᠯᠭᠠᠰᠤᠨ ᠤ ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠶ ᠶᠢᠨ ᠥᠢᠯᠡᠳᠪᠤᠷᠢᠵᠢᠭ᠍ᠰᠡᠨ ᠡᠷᠭᠢᠯᠳᠡᠳᠤ ᠤᠰᠤᠨ ᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠨᠢ 2025 ᠣᠨ ᠤ ᠠᠩᠬᠠᠳᠠᠭᠴᠢ ᠪᠦᠯᠣᠭ᠌ ᠰᠠᠮ ᠬᠤᠷᠣᠬᠠᠶ ᠪᠠᠨ ᠭᠠᠷᠭᠠᠵᠥ᠂ ᠬᠤᠵᠢᠷᠯᠢᠭ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠡᠷᠭᠢᠯᠳᠡᠳᠤ ᠤᠰᠤ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠤᠨ ︽ᠬᠤᠣᠰ ᠰᠢᠪᠲᠤᠯᠤᠯᠲᠠ︾ ᠶᠢ ᠪᠡᠶᠡᠯᠡᠭᠦᠯᠦᠭᠰᠡᠨ ᠢ ᠬᠠᠷᠠᠭᠤᠯᠤᠭᠰᠠᠨ ᠪᠠᠶᠢᠨ᠎ᠠ᠃      ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠬᠦᠯᠡᠮᠵᠢ ᠳᠤ  ᠮᠡᠷᠭᠡᠵᠢᠯᠳᠠᠳ ᠠᠩᠬ᠎ᠠ ᠤᠳᠠᠭ᠎ᠠ  ᠶᠢᠨ ᠰᠠᠮ ᠬᠤᠷᠣᠬᠠᠶ ᠶᠢᠨ ᠭᠠᠷᠤᠯᠲᠠ ᠪᠠᠨ ᠬᠡᠮᠵᠢᠵᠦ  ᠪᠠᠶᠢᠯ᠎ᠠ᠃      ᠳᠤᠰᠬᠠᠢ ᠮᠡᠷᠭᠡᠵᠢᠯᠲᠡᠨ ᠤ ᠭᠡᠯᠡᠭᠦ ᠪᠠᠷ᠄ ︽ᠡᠨᠡ ᠪᠦᠯᠦᠭ ᠰᠠᠮ ᠬᠤᠷᠣᠬᠠᠶ ᠶᠢ ᠭᠤᠷᠪᠠᠨ ᠰᠠᠷ᠎ᠠ ᠲᠠᠵᠢᠭᠡᠵᠥ᠂  ᠭᠡᠮᠵᠢᠯᠳᠠ ᠪᠠᠷ ᠦᠵᠡᠭᠰᠡᠨ ᠢᠶᠠᠷ ᠰᠠᠮ ᠬᠤᠷᠣᠬᠠᠢ ᠪᠦᠷᠢ ᠶᠢᠨ ᠭᠥᠨᠳᠤ ᠨᠢ ᠳᠤᠮᠳᠠᠴᠢ ᠪᠠᠷ 26 ᠭᠷᠠᠮ ᠣᠷᠴᠢᠮ ᠪᠠᠶᠢᠵᠤ᠂ ᠴᠥᠭᠦᠷᠤᠮ ᠪᠥᠷᠢ ᠶᠢᠨ ᠭᠠᠷᠤᠯᠲᠠ ᠨᠢ 300 ᠵᠢᠩ ᠣᠷᠴᠢᠮ ᠭᠥᠷᠤᠨ᠎ᠠ︾ ᠭᠡᠯ᠎ᠠ᠃      ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠢ ᠨᠢ ᠤᠰᠤᠨ ᠤ ᠴᠢᠨᠠᠷ ᠢᠶᠠᠷ ᠮᠠᠰᠢ ᠶᠡᠭᠡ ᠱᠠᠭᠠᠷᠳᠠᠯᠭ᠎ᠠ ᠲᠠᠢ ᠪᠠᠶᠢᠳᠠᠭ᠃ ᠬᠡᠪᠡᠴᠣ ᠦᠣᠰᠢᠨᠵᠣᠣ ᠪᠠᠯᠭᠠᠰᠣᠨ ᠤ ᠥᠢᠯᠡᠳᠪᠤᠷᠢᠵᠢᠭ᠍ᠰᠡᠨ ᠡᠷᠭᠢᠯᠳᠠᠳᠤ ᠤᠰᠤᠨ ᠤ ᠲᠠᠵᠢᠭᠡᠨ ᠦᠷᠡᠵᠢᠭᠦᠯᠬᠦ ᠰᠠᠭᠤᠷᠢᠨ ᠭᠠᠵᠠᠷ ᠨᠢ ᠣᠯᠠᠨ ᠣᠳᠠᠭᠠᠨ ᠤ ᠲᠣᠷᠰᠢᠯᠲᠠ ᠪᠠᠷ ᠳᠠᠮᠵᠢᠨ᠂ ᠥᠢᠯᠡᠳᠪᠤᠷᠢᠵᠢᠭ᠍ᠰᠡᠨ ᠡᠷᠭᠢᠯᠳᠠᠳᠤ  ᠤᠰᠤᠨ ᠤ ᠲᠠᠵᠢᠭᠡᠪᠤᠷᠢ ᠶᠢᠨ ᠰᠢᠰᠲ᠋ᠧᠮ ᠢ ᠪᠦᠷᠢᠯᠳᠣᠭᠦᠯᠣᠨ ᠠᠯᠣᠰ ᠬᠤᠯᠠ ᠳᠠᠯᠠᠢ ᠶᠢᠨ ᠡᠷᠬᠢ ᠶᠢᠨ ᠰᠠᠮ ᠬᠤᠷᠣᠬᠠᠢ ᠶᠢ ᠡᠯᠡᠰᠣ ᠮᠠᠩᠬᠠᠲᠤ ᠨᠣᠳᠤᠭ ᠤᠨ ᠬᠤᠵᠢᠷᠯᠢᠭ ᠭᠠᠵᠠᠷ ᠲᠤ ᠨᠣᠳᠣᠭᠰᠢᠭᠤᠯᠣᠭᠰᠠᠨ ᠪᠠᠶᠢᠨ᠎ᠠ᠃ ᠥᠩᠭᠡᠷᠡᠭᠰᠡᠨ ᠳᠤ᠂ ᠠᠳᠠᠭᠢ ᠤᠰᠤᠨ ᠤ ᠴᠢᠨᠠᠷ ᠨᠢ ᠬᠠᠳᠠᠭᠤᠯᠢᠭ ᠴᠢᠩᠭ᠎ᠠ᠂ ᠠᠭᠤᠷᠬᠠᠶᠢᠵᠢᠯ ᠤᠨ ᠬᠡᠮᠵᠢᠶ᠎ᠡ ᠨᠢ ᠥᠨᠳᠥᠷ ᠪᠠᠶᠢᠳᠠᠭ ᠪᠣᠯᠬᠤᠷ ᠲᠠᠷᠢᠶᠠᠯᠡᠩ ᠳᠤ ᠬᠡᠷᠭᠯᠡᠬᠦ ᠦᠭᠡᠢ ᠪᠠᠶᠢᠵᠠᠢ᠃ ᠰᠢᠨᠵᠢᠯᠡᠬᠦ ᠤᠬᠠᠭᠠᠨ ᠮᠡᠷᠭᠡᠵᠢᠯ ᠳᠤ ᠲᠥᠰᠢᠭᠯᠡᠨ ︽ᠬᠠᠶᠠᠭᠳᠠᠮᠠᠯ ᠪᠣᠳᠠᠰ ᠢ ᠡᠷᠳᠡᠨᠢ ᠪᠣᠯᠭᠠᠵᠥ︾᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢᠨ ᠲᠦᠯᠣᠭᠡ᠂ ᠦᠣᠰᠢᠨᠵᠣᠣ ᠪᠠᠯᠭᠠᠰᠣᠨ ᠤ ᠱᠧᠩ ᠮᠠᠨ ᠤᠰᠤᠨ ᠭᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠥᠢᠯᠡᠳᠪᠤᠷᠢᠵᠢᠭ᠍ᠰᠡᠨ ᠡᠷᠭᠢᠯᠳᠠᠳᠤ ᠤᠰᠤᠨ ᠤ ᠲᠠᠵᠢᠭᠡᠪᠤᠷᠢ  ᠶᠢᠨ ᠰᠢᠰᠲ᠋ᠧᠮ ᠢ ᠪᠠᠶᠢᠭᠤᠯᠤᠭᠰᠠᠨ ᠪᠠᠶᠢᠨ᠎ᠠ᠃ ᠰᠠᠮ ᠬᠤᠷᠣᠬᠠᠢ ᠶᠢᠨ ᠭᠥᠯᠡᠮᠵᠢ ᠳᠠᠬᠢ ᠴᠥᠭᠦᠷᠥᠮ ᠪᠥᠷᠢ ᠶᠢᠨ ᠡᠷᠭᠢᠯᠳᠡᠳᠤ ᠤᠰᠤᠨ ᠤ ᠰᠢᠰᠲ᠋ᠧᠮ ᠨᠢ ᠳᠤᠯᠠᠭᠠᠨ ᠤ ᠭᠡᠮᠵᠢᠶ᠎ᠠ ᠪᠠ ᠬᠦᠴᠢᠯᠲᠥ᠋ᠷᠥᠭᠴᠢ ᠶᠢᠨ ᠬᠠᠩᠭᠠᠯᠳᠠ ᠶᠢ ᠤᠨᠤᠪᠴᠢᠳᠠᠢ ᠡᠵᠡᠮᠳᠡᠵᠦ᠂ ᠰᠠᠮ ᠬᠤᠷᠣᠬᠠᠢ ᠶᠢᠨ ᠴᠥᠭᠦᠷᠥᠮ ᠳᠤ ᠰᠠᠮ ᠬᠤᠷᠣᠬᠠᠢ ᠲᠠᠢ ᠬᠠᠮᠲᠤ ᠠᠮᠢᠳᠣᠷᠠᠬᠤ ᠡᠪᠡᠰᠣ ᠨᠣᠭᠤᠭ᠎ᠠ ᠲᠠᠷᠢᠵᠥ᠂ ᠰᠠᠮ ᠬᠤᠷᠤᠬᠠᠢ ᠪᠤᠯᠤᠨ ᠡᠪᠡᠰᠣ ᠨᠣᠭᠤᠭ᠎ᠠ ᠶᠢᠨ ᠬᠠᠮᠲᠤ ᠪᠠᠷ ᠠᠮᠢᠳᠤᠷᠠᠬᠤ ᠰᠢᠰᠲ᠋ᠧᠮ ᠢ ᠪᠣᠢ ᠪᠣᠯᠭᠠᠭᠰᠠᠨ ᠪᠠᠶᠢᠨ᠎ᠠ᠃        ︽ᠰᠠᠮ ᠬᠤᠷᠤᠬᠠᠢ ᠲᠡᠵᠢᠬᠡᠬᠦ ᠳᠤ ᠤᠰᠤ ᠰᠤᠯᠢᠬᠤ ᠦᠬᠡᠢ᠂ ᠨᠤᠭᠤᠭ᠎ᠠ ᠳᠠᠷᠢᠬᠤ ᠳᠤ ᠪᠤᠷᠳᠤᠭᠤᠷ ᠤᠷᠤᠭᠤᠯᠬᠤ ᠦᠬᠡᠢ︾  ᠡᠨᠡᠭᠦ ᠮᠡᠷᠭᠡᠵᠢᠯ ᠪᠤᠯ ᠮᠡᠷᠬᠡᠵᠢᠯᠳᠠᠨ ᠤ ᠨᠢᠬᠡ ᠵᠢᠯ ᠢᠯᠡᠬᠦᠦ ᠶᠢᠨ ᠴᠠᠭ ᠢ ᠭᠡᠷᠡᠭᠯᠡᠨ ᠰᠥᠪᠡᠭᠴᠢᠯᠠᠵᠤ ᠭᠠᠷᠭᠠᠭᠰᠠᠨ ᠠᠮᠵᠢᠯᠲᠠ  ᠪᠤᠯᠤᠨ᠎ᠠ᠃ ᠲᠤᠷᠰᠢᠯᠲᠠ ᠨᠢ 2023 ᠣᠨ ᠠᠴᠠ ᠡᠬᠢᠯᠡᠵᠦ᠂ ᠡᠭᠢᠨ ᠤ ᠬᠤᠭᠤᠴᠠᠭᠠᠨ ᠳᠤ ᠤᠰᠤᠨ ᠤ ᠴᠢᠨᠠᠷ ᠢ ᠲᠣᠬᠢᠷᠠᠭᠤᠯᠬᠤ ᠳᠤ ᠬᠦᠴᠢᠷ᠂ ᠨᠢᠲᠷᠤᠵᠢᠯᠳᠠ ᠶᠢᠨ ᠰᠢᠰᠲ᠋ᠧᠮ ᠤᠨ ᠦᠢᠯᠡᠳᠦᠯ ᠢᠶᠠᠨ ᠠᠯᠳᠠᠬᠤ ᠵᠡᠷᠭᠡ ᠠᠰᠠᠭᠤᠳᠠᠯ ᠠᠴᠠ ᠤᠳᠠᠭ᠎ᠠ ᠳᠠᠷᠠᠭᠠᠯᠠᠨ ᠢᠯᠠᠭᠳᠠᠵᠤ᠂ ᠡᠴᠦᠰ ᠲᠡᠭᠡᠨ ᠭᠤᠸᠠᠩᠰᠢ ᠳᠤ ᠬᠦᠷᠴᠦ ᠲᠥᠭᠦᠷᠴᠢᠯᠡᠭᠰᠠᠨ ᠰᠢᠰᠲ᠋ᠧᠮ ᠢ ᠣᠷᠣᠭᠤᠯᠤᠨ  ᠠᠪᠴᠢᠷᠠᠭᠠᠳ ᠰᠠᠶ᠋ᠢ ᠰᠠᠶᠢᠨ ᠡᠬᠢᠯᠡᠯᠲᠡ ᠲᠠᠢ ᠪᠤᠯᠤᠭᠰᠠᠨ ᠪᠠᠶᠢᠨ᠎ᠠ᠃      ᠱᠧᠩ ᠮᠠᠨ ᠤᠰᠤᠨ ᠭᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠭᠡᠯᠡᠭᠦ ᠳᠤ ᠪᠠᠨ᠄ ︽ᠨᠢᠭᠡᠳᠦᠭᠡᠷ ᠪᠦᠯᠦᠭ ᠰᠠᠮ ᠬᠤᠷᠣᠬᠠᠢ ᠶᠢᠨ ᠥᠰᠥᠯᠳᠠ ᠶᠢᠨ ᠪᠠᠶᠢᠳᠠᠯ ᠮᠠᠰᠢ ᠰᠠᠶᠢᠨ ᠪᠠᠶᠢᠨ᠎ᠠ᠃ ᠨᠠᠶᠢᠳᠠ 14 ᠴᠥᠭᠦᠷᠥᠮ ᠪᠠᠢᠵᠤ᠂ ᠴᠥᠭᠦᠷᠥᠮ ᠪᠥᠷᠢ ᠳᠤ 300 ᠵᠢᠩ ᠲᠡᠵᠢᠭᠡᠵᠡᠢ᠂ ᠵᠢᠯ ᠤᠨ ᠳᠥᠷᠪᠡᠨ ᠤᠯᠠᠷᠢᠯ ᠳᠤ ᠪᠦᠷ ᠲᠡᠵᠢᠭᠡᠵᠦ ᠪᠣᠯᠤᠨ᠎ᠠ︾ ᠭᠡᠯ᠎ᠡ᠃       ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠤᠰᠤᠨ ᠭᠠᠷᠤᠯᠲᠠ ᠶᠢᠨ ᠲᠠᠰᠤᠭ ᠤᠨ ᠮᠡᠷᠭᠡᠵᠢᠯᠲᠡᠨ ᠭᠡᠯᠡᠭᠦ ᠳᠤ ᠪᠠᠨ᠄ ︽ᠬᠤᠶᠢᠰᠢᠳᠠ ᠪᠢᠳᠡ ︿ᠬᠤᠵᠢᠷᠯᠢᠭ ᠤᠰᠤᠨ ᠤ ᠡᠬᠢ ᠪᠠᠶᠠᠯᠢᠭ ᠢ ᠠᠰᠢᠭᠯᠠᠨ᠂ ᠤᠨᠴᠠᠯᠢᠬᠳᠤ ᠲᠠᠷᠢᠵᠥ ᠲᠡᠵᠢᠭᠡᠬᠦ ᠣᠶᠢᠯᠡᠰ ᠢ ᠡᠷᠬᠢᠯᠡᠵᠥ᠂ ᠠᠵᠢᠯ ᠣᠯᠭᠤᠵᠥ ᠣᠷᠣᠯᠭ᠎ᠠ ᠶᠢ ᠨᠡᠮᠡᠭᠳᠡᠭᠦᠯᠬᠦ﹀ ᠶᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠭᠡᠯᠭᠢᠶᠠᠵᠢᠯ ᠢ ᠪᠥᠷᠢᠯᠳᠤᠭᠦᠯᠤᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠮᠡᠷᠭᠡᠵᠢᠯ ᠤᠨ ᠥᠢᠯᠡᠴᠢᠯᠡᠭᠡ᠂ ᠨᠡᠷᠡᠲᠤ ᠲᠡᠮᠳᠡᠭ ᠤᠨ ᠪᠠᠶᠢᠭᠤᠯᠤᠯᠲᠠ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠣᠨᠴᠠᠯᠢᠭᠲᠤ ᠲᠡᠵᠢᠭᠡᠨ ᠦᠷᠡᠵᠢᠭᠦᠯᠬᠦ ᠵᠠᠮ ᠢᠶᠠᠷ ᠵᠠᠮᠨᠠᠨ᠎ᠠ︾ ᠭᠡᠯ᠎ᠠ᠃                                ᠰᠤᠷᠪᠤᠯᠵᠢᠯᠠᠬᠴᠢ᠄ ᠤᠶᠤᠨᠴᠢᠮᠡᠭ  ᠪᠠᠶᠠᠠᠳᠠᠯᠠᠢ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ