ᠣᠶᠢᠷ᠎ᠠ ᠳᠤ᠂ ᠲᠤᠭ ᠪᠠᠯᠭᠠᠰᠤᠨ ᠤ ᠬᠤᠵᠢᠷᠲᠤ ᠲᠣᠰᠬᠤᠨ ᠤ ᠬᠡᠷᠬᠡᠨᠡᠭ ᠮᠥᠭᠦ ᠵᠠᠬ᠎ᠠ ᠲᠡᠯᠭᠡᠭᠦᠷ ᠲᠤ ᠭᠠᠷᠴᠤ᠂ ᠲᠤᠬᠠᠶ ᠶᠢᠨ ᠭᠠᠵᠠᠷ ᠤᠨ ᠰᠢᠨ᠎ᠡ ᠪᠠᠷ | ᠳᠡᠯᠭᠡᠷᠡᠭᠦᠯᠵᠤ ᠪᠠᠶᠢᠭ᠎ᠠ ᠳᠣᠯᠠᠭᠠᠨ ᠬᠦᠯᠡᠮᠵᠢ ᠳᠤ ᠰᠦᠯᠢᠶᠤᠤ ᠪᠦᠷᠬᠦᠪᠴᠢ ᠪᠠᠷ ᠳᠠᠷᠢᠬᠤ ᠠᠷᠭ᠎ᠠ ᠶᠢᠨ ᠬᠠᠪᠰᠤᠷᠤᠯᠭ᠎ᠠ ᠪᠠᠷ᠂ ᠮᠥ ᠪᠦᠷᠢ ᠶᠢᠨ ᠤᠨᠠᠯᠲᠠ ᠨᠢ | 1200 ᠵᠢᠩ ᠣᠷᠴᠢᠮ ᠳᠤ ᠬᠦᠷᠴᠦ᠂ ᠮᠥ ᠪᠦᠷᠢ ᠶᠢᠨ ᠦᠢᠯᠡᠳᠬᠦᠨ ᠤ ᠥᠷᠲᠡᠭ ᠨᠢ 10 ᠲᠦᠮᠡᠨ ᠲᠥᠭᠦᠷᠢᠭ ᠢ ᠲᠠᠪᠠᠭᠰᠠᠨ ᠪᠠᠶᠢᠨ᠎ᠠ᠃ ᠬᠤᠵᠢᠷᠳᠤ | ᠲᠣᠰᠬᠤᠨ ᠤ ᠬᠡᠷᠬᠡᠨᠡᠭ ᠮᠦᠬᠦ ᠶᠢᠨ ᠰᠠᠭᠤᠷᠢᠨ ᠭᠠᠵᠠᠷ ᠨᠢ 3 ᠰᠠᠷ᠎ᠠ ᠶᠢᠨ ᠳᠤᠮᠳᠠᠴᠢ ᠪᠠᠷ ᠬᠡᠷᠬᠡᠨᠡᠭ ᠮᠥᠭᠦ ᠲᠠᠷᠢᠵᠤ᠂ ᠣᠲᠣ ᠰᠢᠨ᠎ᠠ ᠰᠤᠷᠭᠤᠭ ᠢᠶᠠᠷ ᠵᠠᠬ᠎ᠠ | ᠳᠡᠯᠭᠡᠭᠦᠷ ᠲᠤ ᠭᠠᠷᠭᠠᠵᠤ ᠬᠡᠷᠡᠭᠯᠡᠭᠴᠢᠳ ᠤᠨ ᠲᠠᠭᠠᠰᠢᠶᠠᠯ ᠢ ᠤᠯᠵᠤ ᠪᠠᠶᠢᠨ᠎ᠠ᠃ | ᠬᠡᠷᠬᠡᠨᠡᠭ ᠮᠦᠬᠦ ᠪᠣᠯ ᠲᠡᠯᠡᠬᠡᠢ ᠶᠢᠨ ᠳᠥᠷᠪᠡᠨ ᠶᠡᠭᠡ ᠬᠤᠪᠣᠷ ᠴᠤᠬᠠᠭ ᠮᠦᠬᠦ ᠶᠢᠨ ᠲᠦᠷᠦᠯ ᠵᠣᠶᠢᠯ ᠪᠣᠯᠬᠤ ᠢᠲᠡᠰᠢᠨ ᠮᠦᠬᠦ ᠪᠣᠯᠣᠨ᠎ᠠ᠃ ᠬᠡᠷᠬᠡᠨᠡᠭ | ᠮᠦᠬᠦ ᠨᠢ ᠤᠭᠤᠷᠠᠭ᠂ ᠣᠯᠠᠨ ᠵᠦᠢᠯ ᠤᠨ ᠰᠢᠪᠳᠣᠷᠲᠣ ᠬᠦᠴᠢᠯ ᠵᠢᠴᠢ ᠸᠢᠲ᠋ᠠᠮᠢᠨ ᠵᠡᠷᠭᠡ ᠡᠯᠪᠡᠭ ᠳᠡᠯᠪᠡᠭ ᠠᠭᠤᠯᠠᠵᠥ᠂ ᠪᠦᠬᠦ ᠳᠡᠯᠡᠬᠡᠢ ᠶᠢᠨ ᠢᠯᠡ ᠪᠠᠷ | ᠵᠥᠪᠰᠢᠶᠡᠷᠡᠭᠰᠠᠨ ᠳᠡᠭᠡᠳᠦ ᠳᠡᠰ ᠤᠨ ᠢᠳᠡᠭᠡᠨ ᠤ ᠮᠠᠲ᠋ᠧᠷᠢᠶᠠᠯ ᠪᠣᠯᠣᠭᠰᠠᠨ ᠠᠴᠠ ᠬᠡᠷᠡᠭᠯᠡᠭᠴᠢᠳ ᠤᠨ ᠲᠠᠭᠠᠰᠢᠶᠠᠯ ᠬᠦᠷᠢᠶᠡᠯᠡᠯ ᠢ ᠣᠯᠣᠭᠰᠠᠨ ᠪᠠᠶᠢᠨ᠎ᠠ᠃ | ᠣᠶᠢᠷ᠎ᠠ ᠶᠢᠨ ᠵᠢᠯ ᠠᠴᠠ ᠬᠤᠵᠢᠷᠲᠤ ᠲᠣᠰᠬᠤᠨ ᠥᠪᠡᠷᠮᠢᠴᠡ ᠣᠨᠴᠠᠯᠢᠭ ᠲᠠᠢ ᠡᠯᠡᠰᠦᠷᠬᠡᠭ ᠬᠥᠷᠥᠰᠥ ᠰᠢᠷᠣᠶ ᠪᠣᠯᠣᠨ ᠳᠣᠬᠢᠯᠢᠭ ᠰᠠᠶᠢᠬᠠᠨ ᠠᠭᠤᠷ | ᠠᠮᠢᠰᠬᠤᠯ ᠤᠨ ᠨᠥᠬᠦᠴᠡᠯ ᠳᠤ ᠲᠦᠰᠢᠭᠯᠡᠨ ᠬᠡᠷᠬᠡᠨᠡᠭ ᠮᠥᠭᠦ ᠶᠢ ᠳᠤᠯᠠᠭᠠᠨ ᠬᠦᠯᠡᠮᠵᠢ ᠳᠤ ᠰᠦᠯᠢᠶᠤᠤ ᠪᠦᠷᠬᠦᠪᠴᠢ ᠳᠤ ᠳᠠᠷᠢᠬᠤ ᠠᠷᠭ᠎ᠠ ᠶᠢ ᠬᠠᠶᠢᠨ | ᠰᠦᠪᠡᠭᠴᠢᠯᠡᠭᠰᠡᠨ ᠤ ᠬᠠᠮᠲᠤ ᠲᠣᠰ ᠭᠠᠵᠠᠷ ᠤᠨ ᠮᠥᠭᠦ ᠶᠢᠨ ᠲᠥᠷᠤᠯ ᠢ ᠲᠤᠷᠰᠢᠨ ᠲᠠᠷᠢᠵᠤ ᠭᠠᠷᠤᠯᠲᠠ ᠪᠠ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠥᠭᠰᠡᠨ | ᠪᠠᠶᠢᠨ᠎ᠠ᠃ | 2025 ᠣᠨ ᠳᠤ ᠬᠤᠵᠢᠷᠳᠤ ᠲᠣᠰᠬᠤᠨ ᠨᠢ ᠬᠡᠷᠬᠡᠨᠡᠭ ᠮᠥᠭᠦ ᠶᠢ ᠳᠠᠷᠢᠵᠤ ᠤᠷᠭᠤᠭᠤᠯᠬᠤ ᠬᠡᠷᠡᠭᠯᠡᠭᠡᠨ ᠤ ᠬᠡᠯᠪᠡᠷᠢ ᠶᠢᠨ ᠲᠤᠰᠬᠠᠶ ᠠᠰᠢᠭ ᠶᠢᠨ | ᠡᠷᠬᠡ ᠶᠢᠨ ᠥᠨᠡᠮᠯᠡᠯ ᠵᠢᠴᠢ ᠮᠥᠭᠦ ᠶᠢᠨ ᠲᠥᠷᠥᠯ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠠᠮᠵᠢᠯᠲᠠ ᠲᠠᠢ ᠣᠯᠵᠤ᠂ ᠠᠵᠤ ᠦᠢᠯᠡᠰ ᠤᠨ | ᠪᠠᠷᠢᠮᠵᠢᠶᠠᠵᠢᠭᠤᠯᠤᠯᠲᠠ ᠪᠠ ᠨᠠᠷᠠ ᠲᠡᠮᠳᠡᠭᠵᠢᠭᠦᠯᠦᠯᠲᠡ ᠶᠢ ᠤᠯᠠᠮ ᠨᠢᠭᠡ ᠠᠯᠬᠤᠮ ᠳᠦᠯᠬᠢᠨ ᠠᠬᠢᠭᠤᠯᠣᠭᠰᠠᠨ ᠤ ᠬᠠᠮᠲᠤ ᠪᠠᠰᠠ ᠬᠡᠷᠬᠡᠨᠡᠭ ᠮᠥᠭᠦ ᠶᠢᠨ | ᠰᠠᠭᠤᠷᠢᠨ ᠭᠠᠵᠠᠷ ᠢᠶᠠᠨ ᠱᠠᠨᠰᠢ ᠮᠤᠵᠢ ᠶᠢᠨ ᠳᠡᠮᠡᠭᠡᠲᠤ᠂ ᠶᠠᠠ ᠠᠠ ᠪᠣᠯᠣᠨ ᠪᠣᠭᠤᠲᠣ᠂ ᠪᠠᠶᠠᠡᠨᠠᠭᠤᠷ ᠵᠡᠷᠭᠡ ᠣᠶᠢᠷ᠎ᠠ ᠬᠠᠪᠢ ᠶᠢᠨ ᠠᠶᠢᠮᠠᠭ ᠬᠤᠲᠠ ᠳᠤ | ᠳᠡᠯᠭᠡᠷᠡᠬᠦᠯᠦᠨ ᠲᠠᠷᠢᠬᠤ ᠪᠠᠷ ᠪᠠᠶᠢᠨ᠎ᠠ᠃ | | | ᠰᠤᠷᠪᠤᠯᠵᠢᠯᠠᠭᠴᠢ᠄ ᠤᠶᠤᠠᠴᠢᠮᠡᠭ ᠪᠠᠶᠠᠠᠳᠠᠯᠠᠢ |