ᠮᠠᠨ ᠤ ᠬᠤᠰᠢᠭᠤ ᠤᠶᠤᠨᠴᠢᠯᠠᠭᠰᠠᠨ ᠥᠷ᠎ᠠ ᠰᠠᠴᠤᠬᠤ ᠮᠠᠰᠢᠨ ᠢ ᠲᠥᠭᠡᠮᠠᠯᠵᠢᠭᠦᠯᠵᠤ ᠲᠠᠷᠢᠶᠠᠯᠠᠩ ᠤᠨ ᠥᠨᠳᠥᠷ ᠤᠨᠠᠯᠲᠠ ᠳᠤ ᠥᠢᠯᠡᠴᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2025/5/15
      ᠬᠠᠪᠤᠷ ᠤᠨ ᠲᠠᠷᠢᠶᠠᠯᠠᠭ᠎ᠠ ᠶᠢᠨ ᠦᠶ᠎ᠡ ᠪᠠᠷ ᠦᠦᠰᠢᠨ ᠬᠤᠰᠢᠭᠤᠨ ᠤ ᠥᠷᠭᠡᠨ ᠠᠭᠤᠳᠠᠮ ᠲᠠᠷᠢᠶᠠᠨ ᠭᠠᠵᠠᠷ ᠨᠢ ᠰᠢᠨᠵᠢᠯᠡᠬᠦ ᠤᠬᠠᠭᠠᠨ ᠮᠡᠷᠭᠡᠵᠢᠯ ᠤᠨ ᠵᠢᠯᠤᠭᠤᠳᠤᠯᠭ᠎ᠠ ᠶᠢᠨ ᠲᠠᠯᠠᠪᠤᠷ ᠪᠤᠯᠵᠤ ᠬᠤᠷᠰᠢᠶᠠᠵᠢᠯ ᠤᠨ ᠲᠠᠷᠢᠶᠠᠯᠠᠩ ᠤᠨ ᠮᠠᠰᠢᠨ ᠤ ᠵᠢᠯᠤᠭᠤᠴᠢ᠂ ᠲᠠᠷᠢᠶᠠᠯᠠᠩ ᠤᠨ ᠮᠠᠰᠢᠨ ᠤ ᠥᠢᠯᠡᠳᠪᠤᠷᠢ ᠶᠢᠨ ᠠᠷᠠᠯᠵᠢᠶᠠᠴᠢᠨ ᠬᠢᠭᠡᠳ ᠲᠠᠷᠢᠮᠠᠯ ᠤᠨ ᠲᠣᠮᠣ ᠡᠷᠦᠬᠡ ᠶᠢᠨ ᠬᠢᠨ ᠲᠠᠷᠢᠶᠠᠨ ᠭᠠᠵᠠᠷ ᠲᠤ ᠴᠤᠭᠯᠠᠷᠠᠵᠤ᠂ ᠳᠣᠬᠢᠭᠤᠷ ᠲᠤᠯᠤᠭᠠᠨ ᠤᠳᠤᠨ ᠤ ᠠᠶᠠᠯᠠᠯ ᠵᠠᠮᠴᠢᠯᠠᠭᠴᠢ  ᠲᠠᠢ ᠣᠶᠤᠨᠴᠢ ᠥᠷ᠎ᠠ ᠰᠠᠴᠤᠬᠤ ᠲᠠᠷᠢᠶᠠᠯᠠᠩ ᠤᠨ ᠮᠠᠰᠢᠨ ᠢ ᠨᠠᠷᠢᠯᠢᠭ ᠤᠨᠤᠪᠴᠢᠳᠠᠢ ᠠᠵᠢᠯᠯᠠᠭᠤᠯᠬᠤ ᠦᠵᠡᠭᠦᠯᠭᠡ ᠳᠤ ᠤᠷᠤᠯᠴᠠᠨ ᠭᠡᠮᠵᠢᠶ᠎ᠠ ᠶᠢ ᠨᠠᠷᠢᠯᠢᠭ ᠲᠤᠭᠢᠷᠠᠭᠤᠯᠤᠨ ᠥᠷ᠎ᠠ ᠰᠠᠴᠤᠬᠤ᠂ ᠬᠡᠮᠵᠢᠶ᠎ᠡ ᠶᠢ ᠬᠤᠪᠢᠷᠠᠭᠤᠯᠤᠨ ᠪᠣᠷᠲᠣᠭᠤᠷ ᠣᠷᠣᠭᠤᠯᠬᠤ ᠵᠡᠷᠭᠡ ᠣᠶᠤᠨᠴᠢ ᠲᠠᠷᠢᠶᠠᠯᠠᠩ ᠤᠨ ᠮᠡᠷᠭᠡᠵᠢᠯ ᠢ ᠰᠤᠳᠤᠯᠵᠤ ᠬᠠᠪᠤᠷ ᠤᠨ ᠲᠠᠷᠢᠶᠠᠯᠠᠭ᠎ᠠ ᠶᠢᠨ ᠥᠢᠯᠡᠳᠪᠤᠷᠢᠯᠠᠯ ᠤᠨ ᠲᠣᠭᠠᠴᠢᠯᠠᠭᠰᠠᠨ ᠴᠠᠭ ᠦᠶ᠎ᠡ ᠶᠢᠨ ᠴᠣ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ ᠪᠠᠶᠢᠨ᠎ᠠ᠃      ᠰᠢᠷᠬᠤᠰᠤᠨ ᠪᠠᠯᠭᠠᠰᠤᠨ ᠤ ᠤᠷᠳᠤᠪᠠᠶ᠎ᠠ ᠲᠣᠰᠬᠤᠨ ᠤ ᠮᠢᠩᠭᠠᠨ ᠮᠦ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠲᠤ᠂ ᠣᠯᠠᠨ ᠢᠶᠠᠷ ᠢᠶᠠᠨ ᠴᠠᠬᠢᠯᠭᠠᠨ ᠭᠥᠳᠡᠯᠭᠡᠭᠦᠷᠳᠤ ᠦᠷ᠎ᠡ ᠭᠥᠷᠥᠩᠭᠡ ᠶᠢᠨ ᠭᠡᠮᠵᠢᠶ᠎ᠠ ᠶᠢ ᠨᠠᠷᠢᠯᠢᠭ ᠲᠤᠭᠢᠷᠠᠭᠤᠯᠤᠨ ᠦᠷ᠎ᠡ ᠰᠠᠴᠤᠬᠤ ᠮᠠᠰᠢᠨ ᠤ ᠭᠡᠷᠡᠭᠯᠡᠯᠳᠠ᠂ ᠲᠤᠷᠰᠢᠨ ᠲᠠᠷᠢᠭᠰᠠᠨ ᠦᠷ᠎ᠡ ᠪᠦᠲᠦᠮᠵᠢ᠂ ᠣᠶᠤᠨᠴᠢ ᠴᠠᠬᠢᠯᠭᠠᠨ ᠭᠥᠳᠡᠯᠭᠡᠭᠦᠷᠳᠤ ᠡᠵᠡᠮᠰᠢᠯ ᠤᠨ ᠰᠢᠰᠲ᠋ᠧᠮ ᠳᠣᠤᠷᠠᠬᠢ ᠪᠣᠷᠲᠣᠭᠤᠷ ᠤᠨ ᠬᠡᠮᠵᠢᠶ᠎ᠡ ᠶᠢᠨ ᠬᠤᠪᠢᠷᠠᠯᠳᠠ ᠶᠢᠨ ᠲᠤᠭᠢᠷᠠᠭᠤᠯᠤᠯᠳᠠ ᠡᠵᠡᠮᠳᠠᠯ᠂ ᠳᠠᠷᠢᠬᠤ ᠬᠤᠷᠳᠤᠴᠠ ᠶᠢᠨ ᠣᠶᠤᠨᠴᠢ ᠲᠣᠬᠢᠷᠠᠭᠤᠯᠤᠯᠲᠠ ᠵᠡᠷᠭᠡ ᠭᠤᠤᠯ ᠴᠢᠳᠠᠮᠵᠢ ᠶᠢ ᠲᠤᠬᠠᠶ ᠶᠢᠨ ᠲᠠᠯᠠᠪᠠᠢ ᠳᠤ ᠰᠤᠳᠤᠯᠵᠤ ᠶᠠᠷᠢᠯᠴᠠᠨ   ᠡᠨᠡᠭᠦ ᠲᠠᠷᠢᠶᠠᠯᠠᠩ ᠤᠨ ᠮᠠᠰᠢᠨ ᠤ ᠳᠠᠷᠢᠬᠤ ᠮᠡᠷᠭᠡᠵᠢᠯ ᠤᠨ ᠭᠡᠷᠡᠭᠯᠡᠯᠳᠠ ᠨᠢ ᠲᠠᠷᠢᠶᠠᠴᠢᠨ ᠡᠷᠦᠬᠡ ᠳᠤ ᠥᠨᠳᠥᠷ ᠤᠨᠠᠯᠲᠠ ᠶᠢᠨ ᠰᠢᠨ᠎ᠡ ᠬᠦᠰᠡᠯ ᠡᠷᠡᠮᠡᠯᠵᠡᠯ ᠣᠯᠭᠤᠭᠰᠠᠨ ᠪᠠᠶᠢᠨ᠎ᠠ᠃      ᠤᠶᠤᠨᠲᠤ ᠴᠠᠬᠢᠯᠭᠠᠨ ᠭᠥᠳᠡᠯᠭᠡᠭᠦᠷᠳᠤ ᠦᠷ᠎ᠡ ᠭᠥᠷᠥᠩᠭᠡ ᠶᠢᠨ ᠭᠡᠮᠵᠢᠶ᠎ᠠ ᠶᠢ ᠨᠠᠷᠢᠯᠢᠭ ᠲᠤᠭᠢᠷᠠᠭᠤᠯᠤᠨ ᠦᠷ᠎ᠡ ᠰᠠᠴᠤᠬᠤ ᠮᠠᠰᠢᠨ ᠨᠢ ᠴᠢᠭᠢᠭ ᠤᠨ ᠪᠠᠶᠢᠳᠠᠯ ᠢ ᠴᠠᠭ ᠲᠤᠬᠠᠶ ᠳᠤᠨᠢ ᠵᠠᠳᠠᠯᠬᠤ ᠶᠢᠨ ᠬᠠᠮᠲᠤ ᠳᠣᠬᠢᠭᠤᠷ ᠳᠣᠯᠣᠭᠠᠨ ᠤᠳᠤᠨ ᠤ ᠠᠶᠠᠯᠠᠯ ᠵᠠᠮᠴᠢᠯᠠᠭᠴᠢ ᠶᠢᠨ ᠬᠠᠪᠰᠤᠷᠤᠮᠵᠢ ᠲᠠᠢ ᠵᠢᠯᠣᠭᠤᠳᠬᠤ ᠰᠢᠰᠲ᠋ᠧᠮ ᠢ ᠪᠥᠷᠢᠳᠤᠭᠦᠯᠵᠤ᠂ ᠠᠵᠢᠯᠯᠠᠬᠤ ᠰᠢᠯᠤᠭᠤᠨ ᠱᠤᠭᠤᠮ ᠤᠨ ᠨᠠᠷᠢᠯᠢᠭ ᠤᠨ ᠬᠡᠮᠵᠢᠶ᠎ᠡ ᠶᠢ 2.5 ᠰᠠᠠᠲ᠋ᠢᠮᠧᠲᠷ ᠤᠷᠴᠢᠮ ᠪᠠᠶᠢᠯᠭᠠᠨ ᠭᠥᠷᠤᠩᠭᠡ ᠨᠢᠭᠡᠪᠦᠷᠢ ᠶᠢᠨ ᠬᠠᠮᠤᠭ ᠤᠨ ᠰᠠᠶᠢᠨ ᠪᠠᠶᠢᠷᠢᠨ ᠳᠤ ᠤᠨᠠᠬᠤ ᠶᠢ ᠪᠠᠳᠤᠯᠠᠨ ᠰᠣᠶᠣᠭᠠᠯᠠᠬᠤ ᠨᠣᠷᠮ᠎ᠠ ᠶᠢ 92% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ  ᠲᠣᠬᠢᠷᠠᠭᠤᠯᠤᠭᠰᠠᠨ ᠣᠶᠤᠨᠴᠢ ᠬᠢᠨᠠᠨ ᠡᠵᠡᠮᠳᠡᠬᠦ ᠰᠢᠰᠲ᠋ᠧᠮ ᠨᠢ ᠥᠷ᠎ᠠ ᠰᠠᠴᠤᠬᠤ ᠶᠠᠰᠤ ᠴᠢᠨᠠᠷ ᠢ ᠴᠠᠭ ᠲᠤᠬᠠᠶ ᠳᠤᠨᠢ ᠬᠢᠨᠠᠨ ᠬᠡᠮᠵᠢᠵᠦ᠂ ᠵᠢᠯᠤᠭᠤᠴᠢ ᠶᠢᠨ ᠲᠠᠷᠢᠶᠠᠯᠠᠩ ᠤᠨ ᠮᠠᠰᠢᠨ ᠢᠶᠠᠨ ᠨᠠᠷᠢᠯᠢᠭ ᠤᠨᠤᠪᠴᠢᠳᠠᠢ ᠠᠵᠢᠯᠯᠠᠭᠤᠯᠬᠤ ᠳᠤ ᠬᠦᠴᠦᠨ ᠨᠠᠮᠠᠷᠢᠯᠠᠵᠤ ᠪᠠᠶᠢᠨ᠎ᠠ᠃ ᠲᠤᠰ ᠮᠠᠰᠢᠨ ᠤᠯᠠᠮᠵᠢᠯᠠᠯᠲᠤ ᠲᠥᠬᠦᠭᠡᠷᠦᠮᠵᠢ ᠶᠢᠨ ᠠᠵᠢᠯ ᠤᠨ ᠦᠷ᠎ᠡ ᠪᠦᠲᠦᠮᠵᠢ ᠶᠢ 50% ᠠᠴᠠ ᠳᠡᠭᠡᠭᠰᠢ ᠪᠠᠷ ᠳᠡᠭᠡᠭᠰᠢᠯᠡᠭᠦᠯᠵᠦ᠂ ᠬᠥᠮᠦᠨ ᠤ ᠬᠦᠴᠦᠨ ᠤ ᠥᠪᠡᠷ ᠤᠨ ᠥᠷᠲᠡᠭ ᠢ 40% ᠠᠴᠠ ᠳᠡᠭᠡᠭᠰᠢ ᠠᠷᠪᠢᠯᠠᠳᠠᠭ ᠪᠠᠶᠢᠨ᠎ᠠ᠃      2025 ᠣᠨ ᠳᠤ᠂  ᠮᠠᠨ ᠤ ᠬᠤᠰᠢᠭᠤ ᠤᠷᠢᠳᠠᠪᠠᠷ 9 ᠤᠶᠤᠨᠲᠤ ᠴᠠᠬᠢᠯᠭᠠᠨ ᠭᠥᠳᠡᠯᠭᠡᠭᠦᠷᠳᠤ ᠦᠷ᠎ᠡ ᠭᠥᠷᠥᠩᠭᠡ ᠶᠢᠨ  ᠭᠡᠮᠵᠢᠶ᠎ᠠ ᠶᠢ ᠨᠠᠷᠢᠯᠢᠭ ᠲᠤᠭᠢᠷᠠᠭᠤᠯᠤᠨ ᠦᠷ᠎ᠡ ᠰᠠᠴᠤᠬᠤ ᠮᠠᠰᠢᠨ ᠳᠤ ᠵᠢᠱᠢᠶ᠎ᠡ ᠥᠵᠠᠭᠦᠯᠭᠦ ᠭᠡᠷᠡᠭᠯᠡᠯᠳᠠ ᠶᠢ ᠥᠷᠨᠢᠭᠦᠯᠵᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ ᠲᠤᠤᠷ᠎ᠠ ᠥᠨᠳᠥᠷ ᠴᠢᠳᠠᠪᠬᠢᠲᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠢ ᠳᠡᠯᠭᠡᠷᠡᠭᠦᠯᠦᠨ ᠬᠡᠷᠡᠭᠯᠡᠬᠦ ᠶᠢ ᠭᠤᠤᠯᠳᠠᠯᠭ᠎ᠠ ᠲᠠᠢ ᠲᠠᠮᠵᠢᠨ ᠡᠷᠳᠡᠨᠢ ᠰᠢᠰᠢ ᠵᠡᠷᠭᠡ ᠭᠤᠤᠯ ᠠᠮᠤ ᠪᠤᠳᠠᠭᠠᠨ ᠤ ᠲᠠᠷᠢᠮᠠᠯ ᠤᠨ ᠤᠨᠠᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ ︽ᠠᠮᠤ ᠪᠤᠳᠠᠭᠠᠨ ᠤ ᠬᠠᠩᠭᠠᠯᠭ᠎ᠠ ᠶᠢ ᠪᠠᠳᠤᠯᠠᠬᠤ ᠳᠤ ᠭᠠᠵᠠᠷ ᠰᠢᠷᠤᠢ ᠶᠢ ᠰᠠᠶᠢᠵᠢᠷᠠᠭᠤᠯᠬᠤ ᠳᠤ ᠲᠥᠰᠢᠭᠯᠡᠭᠦ᠂ ᠠᠮᠤ ᠪᠤᠳᠠᠭᠠᠨ ᠤ ᠤᠨᠠᠯᠳᠠ  ᠶᠢ ᠨᠡᠮᠡᠭᠳᠡᠭᠦᠯᠭᠦ ᠳᠤ ᠰᠢᠨᠵᠢᠯᠠᠭᠦ ᠤᠬᠠᠭᠠᠨ ᠲᠧᠭᠨᠢᠭ ᠮᠠᠷᠭᠡᠵᠢᠯ ᠳᠤ ᠲᠥᠰᠢᠭᠯᠡᠭᠦ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠲᠦᠷᠭᠡᠳᠬᠡᠬᠦ ᠪᠠ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠬᠦ ᠬᠦᠴᠦᠨ ᠨᠠᠮᠠᠷᠢᠯᠠᠭᠦ ᠪᠤᠯᠤᠨ᠎ᠠ᠃                                ᠰᠤᠷᠪᠤᠯᠵᠢᠯᠠᠬᠴᠢ᠄ ᠤᠶᠤᠨᠴᠢᠮᠡᠭ᠂ ᠪᠠᠶᠠᠠᠳᠠᠯᠠᠢ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ