ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠥᠥᠰᠢᠨ ᠬᠤᠰᠢᠭᠤᠨ ᠤ ᠬᠠᠪᠤᠷ ᠤᠨ ᠲᠠᠷᠢᠶᠠᠯᠠᠭ᠎ᠠ ᠳᠤ ᠪᠠᠳᠤᠯᠠᠭ᠎ᠠ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2025/5/15
      ᠬᠤᠳᠠ ᠬᠤᠰᠢᠭᠤ ᠬᠤᠶᠠᠷ ᠱᠠᠳᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠦᠢᠯᠡᠴᠢᠯᠡᠬᠦ ᠠᠵᠢᠯᠯᠠᠭ᠎ᠠ ᠦᠦᠰᠢᠨ ᠬᠤᠰᠢᠭᠤᠨ ᠤ ᠥᠷᠭᠡᠨ ᠠᠭᠤᠳᠠᠮ ᠲᠠᠷᠢᠶᠠᠨ ᠭᠠᠵᠠᠷ ᠲᠤ ᠪᠦᠬᠦ ᠲᠠᠯ᠎ᠠ ᠪᠠᠷ ᠥᠷᠨᠢᠭᠰᠡᠨ ᠢᠶᠠᠷ ᠤᠶᠢᠷ᠎ᠠ ᠶᠢᠨ ᠡᠳᠤᠷ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠣᠴᠢᠭᠤᠯᠵᠤ᠂ ᠮᠠᠯᠴᠢᠨ ᠲᠠᠷᠢᠶᠠᠴᠢᠨ ᠳᠤ ᠮᠡᠷᠭᠡᠵᠢᠯ ᠭᠥᠷᠭᠡᠨ ᠠᠷᠭ᠎ᠠ ᠪᠠᠷᠢᠯ ᠢ ᠵᠢᠭᠠᠵᠤ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ ︽ᠤᠰᠤᠨ ᠠᠰᠢᠭᠯᠠᠯᠲᠠ ᠶᠢᠨ ᠣᠶᠤᠨ ᠤᠬᠠᠭᠠᠨ︾ ᠢᠶᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ  ᠨᠠᠮᠠᠷᠢᠯᠠᠵᠤ ᠪᠠᠶᠢᠨ᠎ᠠ᠃      ᠬᠠᠪᠤᠷ ᠤᠨ ᠲᠠᠷᠢᠶᠠᠯᠠᠭ᠎ᠠ ᠠᠴᠠ ᠡᠮᠦᠨ᠎ᠡ᠂ ᠬᠤᠲᠠ ᠬᠤᠰᠢᠭᠤ ᠬᠤᠶᠠᠷ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠪᠦᠯᠬᠦᠮ ᠨᠢᠭᠡᠨᠲᠡ ᠬᠥᠷᠥᠰᠥ ᠰᠢᠷᠣᠢ ᠶᠢᠨ ᠥᠯᠢᠭᠡᠷ ᠠᠪᠬᠤ ᠪᠠ ᠲᠥᠷᠥᠯ ᠵᠦᠢᠯ ᠢ ᠲᠣᠬᠢᠷᠠᠭᠤᠯᠤᠨ ᠵᠠᠳᠠᠯᠬᠤ ᠠᠵᠢᠯ ᠢ ᠥᠷᠨᠢᠭᠦᠯᠦᠭᠰᠡᠨ ᠪᠥᠭᠡᠳ ᠣᠷᠣᠨ ᠬᠤᠪᠢᠶᠠᠨ ᠲᠤᠷᠰᠢᠨ ᠲᠠᠷᠢᠵᠤ᠂ ᠥᠨᠳᠥᠷ ᠪᠥᠭᠡᠳ ᠲᠣᠭᠲᠠᠭᠤᠨ ᠬᠤᠷᠢᠶᠠᠯᠲᠠ ᠳᠤ ᠪᠠᠲᠤ ᠰᠠᠭᠤᠷᠢ ᠲᠠᠯᠪᠢᠭᠰᠠᠨ ᠪᠠᠶᠢᠨ᠎ᠠ᠃      ᠡᠭᠦᠨ ᠠᠴᠠ ᠭᠠᠳᠠᠨ᠎ᠠ᠂ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠪᠠᠰᠠ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠭᠤᠤᠯᠳᠠᠯᠭ᠎ᠠ ᠲᠠᠢ ᠳᠡᠯᠭᠡᠷᠡᠭᠦᠯᠵᠡᠢ᠃ ᠷᠠᠰᠢᠶᠠᠨ ᠲᠤᠬᠤᠢ ᠲᠣᠰᠬᠤᠨ ᠤ ᠣᠶᠤᠨᠴᠢ ᠤᠰᠤ ᠠᠷᠪᠢᠯᠠᠬᠤ ᠤᠰᠤᠯᠠᠯᠲᠠ ᠶᠢᠨ ᠲᠦᠷᠦᠯ ᠵᠦᠢᠯ ᠤᠨ ᠵᠢᠱᠢᠶ᠎ᠡ ᠦᠵᠡᠭᠦᠯᠬᠦ  ᠭᠠᠵᠠᠷ ᠲᠤ᠂ ᠳᠤᠰᠤᠯᠭᠠᠨ ᠤᠰᠤᠯᠠᠬᠤ ᠬᠤᠭᠤᠯᠠᠶ ᠰᠦᠯᠵᠢᠯᠳᠦᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠠᠴᠠ ᠲᠠᠷᠢᠶᠠᠴᠢᠨ ᠡᠷᠦᠬᠡ ᠳᠤ ᠲᠤᠨᠤᠭ ᠲᠥᠬᠦᠭᠡᠷᠦᠮᠵᠢ ᠶᠢ ᠠᠵᠢᠯᠯᠠᠭᠤᠯᠬᠤ᠂ ᠤᠰᠤᠯᠠᠯᠳᠠ ᠶᠢ ᠬᠠᠮᠢᠶᠠᠷᠤᠯᠳᠠ ᠲᠠᠢ ᠪᠠᠶᠢᠯᠭᠠᠬᠤ ᠲᠠᠯ᠎ᠠ ᠪᠠᠷ ᠵᠢᠭᠠᠨ ᠵᠢᠯᠤᠭᠤᠳᠴᠤ ᠪᠠᠶᠢᠯ᠎ᠠ᠃ ᠲᠣᠰ ᠲᠥᠷᠥᠯ ᠵᠦᠢᠯ ᠢ ᠨᠢᠳᠤᠨᠤᠨ ᠣᠷᠣᠨ ᠨᠤᠲᠤᠭ ᠤᠨ ᠵᠠᠰᠠᠭ ᠤᠨ ᠣᠷᠳᠣᠨ ᠠᠴᠠ 700 ᠭᠠᠷᠤᠶ ᠲᠦᠮᠡᠨ ᠲᠥᠭᠦᠷᠢᠭ ᠤᠨ ᠪᠠᠯᠠ ᠤᠷᠤᠭᠤᠯᠤᠨ ᠪᠥᠲᠥᠭᠡᠨ ᠪᠠᠶᠢᠭᠤᠯᠵᠤ᠂ 2800 ᠭᠠᠷᠤᠶ ᠮᠥ ᠲᠠᠷᠢᠶᠠᠨ ᠭᠠᠵᠠᠷ ᠲᠤ  ᠭᠡᠷᠡᠭᠵᠢᠭᠦᠯᠤᠨ᠂ ᠮᠥ ᠪᠦᠷᠢ ᠶᠢᠨ ᠤᠰᠤᠯᠠᠯᠲᠠ ᠳᠤ ᠬᠡᠷᠡᠭᠯᠡᠬᠦ ᠤᠰᠤ ᠶᠢ 20% ᠠᠴᠠ 50% ᠪᠠᠷ ᠠᠷᠪᠢᠯᠠᠬᠤ  ᠪᠤᠯᠤᠨ᠎ᠠ᠃      ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠪᠣᠯ ᠲᠠᠷᠢᠶᠠᠨ ᠭᠠᠵᠠᠷ ᠤᠨ ︽ᠮᠡᠷᠭᠡᠵᠢᠯ ᠤᠨ ᠵᠥᠪᠯᠡᠭᠴᠢ︾ ᠪᠣᠯᠬᠤ ᠪᠠᠷ ᠪᠠᠷᠠᠬᠤ ᠥᠬᠡᠶ ᠪᠠᠰᠠ ᠮᠠᠯᠴᠢᠨ ᠲᠠᠷᠢᠶᠠᠴᠢᠨ ᠤ ︽ᠳᠣᠲᠣᠨᠣ ᠬᠥᠮᠦᠨ︾ ᠪᠠᠶᠢᠵᠤ᠂ ᠲᠤᠷᠰᠢᠯᠲᠠ ᠶᠢᠨ ᠲᠠᠰᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠲᠣᠰᠬᠤᠨ ᠤ ᠠᠷᠠᠳ ᠲᠤ ᠤᠨᠤᠪᠴᠢᠳᠠᠢ ᠤᠶᠢᠯᠠᠭᠠᠭᠤᠯᠤᠨ ᠮᠡᠳᠡᠭᠦᠯᠵᠤ᠂ ᠮᠠᠯᠴᠢᠨ ᠲᠠᠷᠢᠶᠠᠴᠢᠳ ᠤᠨ ᠪᠠᠶᠠᠵᠢᠯ ᠤᠨ ᠵᠠᠮ ᠢᠶᠠᠷ ᠵᠠᠮᠨᠠᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠬᠦ ᠬᠦᠴᠦᠨ ᠨᠠᠮᠠᠷᠢᠯᠠᠵᠤ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ 2024 ᠣᠨ ᠠᠴᠠ ᠨᠠᠰᠢ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠨᠢᠭᠡᠨᠲᠡ 8 ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠶᠢ ᠲᠤᠮᠢᠯᠠᠨ᠂ 325 ᠮᠠᠯᠴᠢᠨ ᠲᠠᠷᠢᠶᠠᠴᠢᠨ ᠡᠷᠦᠬᠡ ᠳᠤ ᠥᠢᠯᠡᠴᠢᠯᠠᠵᠤ᠂ 16 ᠲᠠᠷᠢᠶᠠᠯᠠᠩ ᠤᠨ ᠰᠢᠨ᠎ᠡ ᠮᠡᠷᠭᠡᠵᠢᠯ ᠢ ᠳᠡᠯᠭᠡᠷᠡᠭᠦᠯᠵᠦ᠂ 36 ᠰᠢᠨ᠎ᠡ ᠡᠭᠦᠯᠳᠡᠷ ᠢ ᠣᠷᠣᠭᠤᠯᠤᠨ ᠠᠪᠴᠢᠷᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠶᠢᠲᠡ 6928 ᠲᠦᠮᠡᠨ ᠲᠥᠭᠦᠷᠢᠭ ᠨᠡᠮᠡᠭᠳᠡᠭᠦᠯᠤᠨ᠂ ᠠᠵᠤ ᠠᠬᠤᠶᠢᠯᠠᠯ ᠪᠠ ᠬᠤᠷᠰᠢᠶᠠᠵᠢᠯ ᠵᠡᠷᠭᠡ ᠨᠡᠶᠢᠭᠡᠮ ᠤᠨ ᠪᠠᠶᠢᠭᠤᠯᠤᠮᠵᠢ ᠳᠤ ᠰᠠᠶᠢᠳᠤᠷ ᠦᠢᠯᠡᠴᠢᠯᠡᠨ 1064 ᠲᠦᠮᠡᠨ ᠲᠥᠭᠦᠷᠢᠭ ᠤᠨ ᠦᠷ᠎ᠡ ᠠᠰᠢᠭ ᠢ ᠨᠡᠮᠡᠭᠳᠡᠭᠦᠯᠪᠡ᠃ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠡᠬᠢᠯᠡᠭᠰᠡᠨ ᠠᠴᠠ ᠨᠠᠰᠢ᠂ ᠬᠤᠲᠠ ᠬᠤᠰᠢᠭᠤ ᠬᠤᠶᠠᠷ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠨᠠᠷᠢᠯᠢᠭ ᠤᠨᠤᠪᠴᠢᠳᠠᠢ ᠦᠢᠯᠡᠴᠢᠯᠡᠭᠡ ᠬᠠᠩᠭᠠᠭᠰᠠᠭᠠᠷ ᠢᠷᠠᠵᠠᠢ᠃                                 ᠰᠤᠷᠪᠤᠯᠵᠢᠯᠠᠬᠴᠢ᠄ ᠤᠶᠤᠨᠴᠢᠮᠡᠭ᠂ ᠪᠠᠶᠠᠠᠳᠠᠯᠠᠢ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ