5 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠣᠪᠣᠷᠭ᠎ᠠ ᠠᠵᠤ ᠠᠬᠤᠶ ᠶᠢᠨ ᠨᠡᠭᠡᠭᠡᠯᠲᠡ ᠶᠢᠨ | ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠰᠢᠨ᠎ᠡ᠂ ᠰᠣᠪᠣᠷᠭ᠎ᠠ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ 2025 ᠣᠨ ᠤ ᠳᠥᠷᠪᠡᠳᠦᠭᠡᠷ | ᠤᠳᠠᠭᠠᠨ ᠤ ᠨᠠᠮ ᠤᠨ ᠠᠵᠢᠯᠯᠠᠬᠤ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠰᠣᠪᠣᠷᠭ᠎ᠠ ᠠᠵᠤ ᠠᠬᠤᠶ ᠶᠢᠨ ᠨᠡᠭᠡᠭᠡᠯᠲᠡ ᠶᠢᠨ | ᠣᠷᠣᠨ ᠤ ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ᠂ ᠡᠯ᠎ᠡ ᠲᠥᠷᠥᠯ ᠵᠦᠢᠯ ᠤᠨ ᠲᠣᠭᠤᠷᠢᠭ᠂ ᠡᠯ᠎ᠡ ᠲᠤᠳᠤᠭᠠᠳᠦᠬᠢ ᠰᠠᠯᠠᠭ᠎ᠠ ᠮᠥᠴᠢᠷ ᠪᠣᠯᠤᠨ ᠡᠯ᠎ᠡ | ᠬᠤᠯᠪᠣᠭᠳᠠᠯ ᠪᠥᠬᠦᠶ ᠪᠠᠶᠢᠭᠤᠯᠭ᠎ᠠ ᠨᠢᠭᠡᠴᠢ ᠶᠢᠨ ᠰᠠᠯᠠᠭᠠᠨ ᠲᠠᠰ ᠤᠨ ᠺᠠᠳ᠋ᠷᠴᠤᠳ ᠬᠤᠷᠠᠯ ᠳᠤ ᠣᠷᠣᠯᠴᠠᠵᠠᠶ᠃ | | | | | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠵᠢᠴᠢ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ᠂ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ | ᠲᠠᠨᠢᠵᠤ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠱᠠᠳᠤᠴᠢ ᠴᠢᠨᠠᠷᠲᠠᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ ︽ᠠᠷᠪᠠᠨ | ᠲᠠᠪᠤᠳᠤᠭᠠᠷ ᠲᠠᠪᠤᠨ ᠵᠢᠯ︾ ᠤᠨ ᠠᠵᠤ ᠠᠬᠤᠢ ᠶᠢᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ᠮᠠᠨ ᠤ ᠬᠤᠰᠢᠭᠤᠨ ᠤ | ᠣᠳᠣᠬᠢ ᠠᠵᠤ ᠦᠢᠯᠡᠰ ᠤᠨ ᠰᠠᠭᠤᠷᠢ ᠪᠠ ᠬᠥᠭᠵᠢᠯᠲᠡ ᠶᠢᠨ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠰᠢᠨ᠎ᠡ ᠪᠠᠷ ᠬᠦᠭᠵᠢᠵᠦ ᠪᠠᠶᠢᠭ᠎ᠠ ᠠᠵᠤ ᠦᠢᠯᠡᠰ ᠪᠠ ᠢᠷᠡᠭᠡᠳᠦᠶ ᠶᠢᠨ ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠬᠤ ᠶᠢᠨ ᠬᠠᠮᠲᠤ ᠲᠤᠷᠰᠢᠯᠲᠠ ᠶᠢᠨ | ᠲᠥᠷᠥᠯ ᠵᠦᠢᠯ ᠢ ᠣᠷᠣᠭᠤᠯᠬᠤ ᠠᠵᠢᠯ ᠢ ᠴᠢᠩᠭᠠᠳᠬᠠᠵᠤ ᠦᠢᠯᠡᠴᠢᠯᠡᠭᠡ ᠶᠢᠨ ᠪᠠᠲᠤᠯᠠᠭ᠎ᠠ ᠶᠢ ᠰᠠᠶᠢᠲᠤᠷ ᠬᠢᠬᠦ ᠶᠢᠨ ᠬᠠᠮᠲᠤ ᠠᠶᠤᠯᠭᠦᠶ ᠦᠢᠯᠡᠳᠪᠦᠷᠢᠯᠡᠯ ᠤᠨ | ᠬᠤᠷᠢᠭ᠎ᠠ ᠱᠤᠭᠤᠮ ᠢ ᠰᠠᠶᠢᠲᠤᠷ ᠰᠠᠬᠢᠵᠤ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ | ᠃ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠠᠵᠢᠯ ᠢ ᠭᠦᠨᠵᠡᠭᠡᠶᠢᠷᠡᠭᠦᠯᠦᠨ ᠠᠬᠢᠭᠤᠯᠵᠤ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠰᠣᠪᠤᠷᠭ᠎ᠠ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠪᠣᠯᠤᠨ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠨᠡᠶᠢᠲᠡᠯᠡᠵᠦ ᠬᠤᠶᠢᠰᠢᠲᠠ ᠶᠢᠨ ᠠᠵᠢᠯ ᠢᠶᠠᠨ ᠪᠠᠶᠢᠷᠢᠯᠠᠭᠤᠯᠪᠠ᠃ ᠬᠤᠷᠠᠯ ᠠᠴᠠ ︽ᠪᠥᠬᠦ | ᠬᠤᠰᠢᠭᠤᠨ ᠤ ᠪᠦᠬᠦᠯᠢ ᠴᠣᠭᠴᠠ ᠶᠢᠨ ᠦᠵᠡᠯ ᠰᠠᠨᠠᠭ᠎ᠠ ᠪᠣᠯᠤᠨ ︽ᠲᠥᠷᠥᠯ ᠵᠦᠢᠯ ᠢᠶᠠᠷ ᠭᠤᠣᠯᠳᠠᠭᠤᠯᠬᠤ︾ ᠣᠶᠢᠯᠠᠭᠠᠭᠳᠠᠬᠤᠨ ᠢ ᠪᠠᠲᠤᠳᠬᠠᠵᠤ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠳᠤ ᠲᠤᠰᠠᠯᠠᠬᠤ ᠠᠵᠢᠯᠯᠠᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠤᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠭᠦᠢᠴᠡᠳᠬᠡᠨ ᠠᠮᠢ ᠠᠬᠤᠢ ᠣᠷᠴᠢᠨ ᠲᠣᠭᠤᠷᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠬᠦᠷᠢᠶᠡᠯᠡᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠨᠡᠶᠢᠳᠡᠯᠡᠵᠦ᠂ ᠬᠤᠶᠢᠰᠢᠲᠠ ᠶᠢᠨ ᠠᠵᠢᠯ ᠢᠶᠠᠨ | ᠪᠠᠶᠢᠷᠢᠯᠠᠭᠤᠯᠤᠨ ︽ᠬᠡᠮ ᠰᠣᠭᠤᠭ ᠪᠣᠯ ᠠᠳᠡᠯ ᠤᠨ ᠡᠭᠦᠰᠦᠯ︾ ᠭᠡᠬᠦ ᠤᠬᠠᠮᠰᠠᠷ ᠢ ᠪᠠᠲᠤ ᠪᠣᠶ ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠲᠠᠰᠤᠷᠠᠯᠲᠠ ᠥᠬᠡᠶ ᠴᠢᠩᠭᠠᠳᠬᠠᠨ ᠪᠣᠳᠠᠲᠠᠶᠢᠵᠢᠭᠤᠯᠵᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ | ᠬᠦᠨᠳᠦ ᠶᠡᠭᠡ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠰᠠᠶᠢᠳᠤᠷ ᠮᠥᠷᠳᠡᠵᠦ ᠲᠦᠢᠯᠪᠤᠷᠢᠲᠠᠶ ᠴᠡᠭᠴᠡᠯᠡᠨ ᠵᠠᠰᠠᠬᠤ ᠶᠢ ᠪᠠᠲᠤᠯᠠᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠢᠶᠠᠷ ᠪᠠᠰᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠬᠠᠮᠲᠤ ᠶᠢᠨ ᠶᠠᠷᠢᠯᠴᠠᠭ᠎ᠠ ᠥᠷᠨᠢᠭᠦᠯᠪᠡ᠃ | | ᠰᠣᠷᠪᠣᠯᠵᠢᠯᠠᠭᠴᠢ᠄ ᠬᠠᠰᠰᠡᠴᠡᠨ |