ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠶᠢᠨ ᠲᠥᠯᠥᠭᠡ᠂ 5 ᠰᠠᠷ᠎ᠠ ᠶᠢᠨ 14 ᠤ | ᠡᠳᠦᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠬᠤᠰᠢᠭᠤ ᠡᠪᠯᠡᠯ ᠤᠨ | ᠬᠤᠷᠢᠶ᠎ᠠ᠂ ᠬᠤᠰᠢᠭᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠲᠤᠷᠠᠨ 3 ᠡᠳᠦᠷ ᠤᠨ ᠬᠤᠭᠤᠴᠠᠭ᠎ᠠ ᠲᠠᠢ | ᠵᠠᠯᠠᠭᠤ ᠴᠢᠳᠠᠪᠤᠷᠢᠲᠠᠨ ᠤ ᠠᠵᠢᠯ ᠤᠨ ᠴᠢᠳᠠᠪᠤᠷᠢ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠵᠦ ᠪᠥᠬᠦ ᠬᠤᠰᠢᠭᠤᠨ ᠤ 200 | ᠭᠠᠷᠤᠢ ᠵᠠᠯᠠᠭᠤ ᠠᠵᠢᠯᠲᠠᠨ ᠪᠣᠯᠪᠠᠰᠤᠷᠠᠯ ᠳᠤ ᠣᠷᠣᠯᠴᠠᠵᠠᠢ᠃ | ᠪᠣᠯᠪᠠᠰᠤᠷᠠᠯ ᠢ ᠣᠨᠣᠯ ᠤᠨ ᠬᠢᠴᠢᠶᠡᠯᠯᠡᠭᠡ ᠡᠷᠬᠢᠯᠡᠬᠦ᠂ ᠰᠤᠳᠤᠯᠤᠨ ᠶᠠᠷᠢᠯᠴᠠᠭ᠎ᠠ ᠦᠷᠨᠢᠭᠦᠯᠬᠦ ᠵᠡᠷᠭᠡ ᠬᠡᠯᠪᠡᠷᠢ ᠪᠠᠷ ᠶᠠᠪᠤᠭᠳᠠᠭᠤᠯᠤᠨ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ | ᠴᠢᠬᠤᠯᠠ ᠡᠭᠦᠷᠭᠡ ᠪᠣᠯᠭᠠᠬᠤ ᠶᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠪᠣᠯᠣᠨ ᠨᠠᠮ ᠤᠨ | ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠰᠢᠰᠲ᠋ᠧᠮ ᠲᠠᠢ ᠲᠠᠶᠢᠯᠪᠤᠷᠢᠯᠠᠨ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠤᠰᠬᠠᠢ ᠰᠡᠳᠦᠪᠲᠦ ᠨᠠᠮ ᠤᠨ ᠬᠢᠴᠢᠶᠡᠯ ᠪᠣᠯᠣᠨ ᠬᠡᠷᠡᠭ ᠤᠨ ᠵᠢᠱᠢᠶ᠎ᠡ ᠶᠢ ᠵᠠᠳᠠᠯᠤᠨ ᠵᠠᠯᠠᠭᠤ ᠴᠢᠳᠠᠪᠤᠷᠢᠲᠠᠳ ᠤᠨ | ᠢᠲᠡᠭᠡᠯ ᠪᠢᠰᠢᠷᠡᠯ ᠪᠠ ᠠᠵᠢᠯ ᠤᠨ ᠰᠣᠷᠲᠠᠯ ᠢ ᠨᠢ ᠪᠠᠳᠤᠳᠬᠠᠭᠰᠠᠨ ᠪᠠᠶᠢᠨ᠎ᠠ᠃ ᠪᠣᠯᠪᠠᠰᠤᠷᠠᠯ ᠳᠤ ᠪᠠᠰᠠ DeepSeek ᠵᠡᠷᠭᠡ AI ᠤᠶᠤᠨᠴᠢ | ᠬᠡᠷᠡᠭᠯᠡᠭᠡᠨ ᠤ ᠬᠢᠴᠢᠶᠡᠯ ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠶᠢ ᠲᠤᠬᠢᠷᠠᠭᠤᠯᠤᠭᠰᠠᠨ ᠪᠠᠶᠢᠨ᠎ᠠ᠃ | | ᠤᠶᠢᠯᠠᠭᠠᠭᠰᠠᠨ ᠢᠶᠠᠷ ᠲᠠᠷᠠᠭᠠᠴᠢ ᠪᠠᠷ᠂ ᠮᠠᠨ ᠤ ᠬᠤᠰᠢᠭᠤ ︽ᠰᠤᠩᠭᠤᠬᠤ ᠬᠦᠮᠦᠵᠢᠭᠦᠯᠬᠦ ᠬᠠᠮᠢᠶᠠᠷᠬᠤ ᠬᠡᠷᠡᠭᠯᠡᠬᠦ︾ ᠪᠥᠬᠦ ᠲᠠᠯ᠎ᠠ ᠶᠢᠨ ᠴᠢᠳᠠᠪᠤᠷᠢᠲᠠᠨ ᠢ | ᠬᠥᠮᠥᠵᠢᠭᠦᠯᠬᠦ ᠲᠤᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ ᠵᠠᠯᠠᠭᠤ ᠴᠢᠳᠠᠪᠤᠷᠢᠲᠠᠳ ᠢ ᠦᠢᠯᠡᠳᠦᠯᠭᠡ ᠪᠠᠷ ᠳᠠᠪᠲᠠᠨ ᠪᠤᠯᠪᠠᠰᠤᠷᠠᠭᠤᠯᠵᠤ ᠨᠣᠮᠢᠨ | ᠲᠠᠩᠰᠤᠭ ᠦᠦᠰᠢᠨ ᠤ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠪᠠᠷ ᠪᠠᠶᠢᠨ᠎ᠠ᠃ | | | ᠰᠣᠷᠪᠣᠯᠵᠢᠯᠠᠭᠴᠢ᠄ ᠲᠠᠨ᠎ᠠ |