︽ᠠᠷᠠᠳ ᠤᠨ ᠠᠮᠢᠳᠤᠷᠠᠯ ᠪᠣᠯ ᠤᠯᠤᠰ ᠤᠨ ᠶᠡᠭᠡ ᠪᠣᠳᠣᠯᠭ᠎ᠠ ᠮᠥᠨ᠂ ᠠᠷᠠᠳ ᠣᠯᠠᠨ ᠳᠤ ᠪᠤᠶᠠᠨ ᠵᠢᠷᠭᠠᠯ ᠢ ᠡᠳ᠋ᠯᠡᠭᠦᠯᠬᠦ ᠶᠢᠨ ᠦᠨᠳᠦᠰᠦ ᠮᠥᠨ︾᠃ | ᠣᠶᠢᠷ᠎ᠠ ᠶᠢᠨ ᠵᠢᠯ ᠠᠴᠠ ᠤᠯᠠᠭᠠᠨᠲᠣᠯᠣᠭᠠᠶ ᠪᠠᠯᠭᠠᠰᠤ ᠠᠷᠠᠳ ᠤᠨ ᠠᠮᠢᠳᠤᠷᠠᠯ ᠤᠨ ᠢᠨᠵᠧᠨᠧᠷᠢᠩ ᠤᠳ ᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠳᠤ ᠠᠩᠬᠠᠷᠤᠯ ᠢᠶᠠᠨ ᠲᠦᠪᠯᠡᠷᠡᠭᠦᠯᠦᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠤ ᠪᠠᠶᠢᠨ᠎ᠠ᠃ | ᠪᠠᠶᠠᠨᠭᠤᠣᠯ ᠭᠠᠴᠠᠭᠠᠨ ᠤ ᠲᠠᠪᠤᠳᠤᠭᠠᠷ ᠬᠤᠷᠰᠢᠶ᠎ᠠ ᠳᠤ᠂ ᠵᠠᠮ ᠵᠠᠰᠠᠬᠤ ᠮᠠᠰᠢᠨ ᠲᠥᠬᠦᠭᠡᠷᠦᠮᠵᠢ ᠬᠦᠷᠴᠢᠭᠢᠨᠡᠵᠦ ᠬᠦᠮᠦᠰ ᠶᠠᠭᠠᠷᠠᠯᠲᠠᠢ ᠠᠵᠢᠯᠯᠠᠵᠤ | ᠪᠠᠶᠢᠯ᠎ᠠ᠃ ᠣᠣᠯ ᠨᠢ ᠤᠯᠠᠭᠠᠨᠲᠣᠯᠣᠭᠠᠶ ᠪᠠᠯᠭᠠᠰᠤ ᠠᠳᠡ 2 ᠺᠢᠯᠣᠮᠧᠲᠷ ᠤᠨ ᠱᠦᠢᠨᠢ ᠵᠠᠰᠠᠮᠠᠯ ᠵᠠᠮ ᠵᠠᠰᠠᠵᠤ ᠪᠠᠶᠢᠭ᠎ᠠ ᠶᠤᠮ ᠪᠠᠶᠢᠵᠠᠢ᠃ ᠬᠥᠳᠡᠭᠡ | ᠲᠣᠰᠬᠤᠨ ᠤ ᠵᠠᠮ ᠢ ᠨᠡᠪᠲᠡᠷᠡᠭᠦᠯᠬᠦ ︽ᠡᠴᠦᠰ ᠤᠨ ᠨᠢᠭᠡ ᠺᠢᠯᠣᠮᠧᠲᠷ︾ ᠪᠣᠯ ᠡᠨᠡ ᠵᠢᠯ ᠤᠨ ᠤᠯᠠᠭᠠᠨᠲᠣᠯᠣᠭᠠᠶ ᠪᠠᠯᠭᠠᠰᠤᠨ ᠤ ᠬᠡᠷᠡᠭᠵᠢᠭᠦᠯᠵᠦ ᠪᠠᠶᠢᠭ᠎ᠠ ᠪᠠᠰᠠ | ᠨᠢᠭᠡᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠪᠠᠶᠠᠨᠭᠤᠣᠯ ᠭᠠᠴᠠᠭᠠᠨ ᠤ ᠲᠠᠪᠤᠳᠤᠭᠠᠷ ᠬᠤᠷᠰᠢᠶᠠᠨ ᠤ ᠱᠦᠢᠨᠢ ᠵᠠᠮ ᠠᠴᠠ ᠭᠠᠳᠠᠨ᠎ᠠ᠂ ᠲᠤᠰ | ᠭᠠᠴᠠᠭᠠᠨ ᠤ ᠤᠩᠭᠤᠨ ᠮᠠᠯᠵᠢᠯ ᠤᠨ ᠬᠤᠷᠰᠢᠶ᠎ᠠ ᠶᠢᠨ 7 ᠺᠢᠯᠦᠮᠧᠲᠷ ᠴᠠᠷᠳᠠᠮᠠᠯ ᠵᠠᠮ ᠳᠡᠪᠢᠰᠬᠦ ᠠᠵᠢᠯ ᠴᠤ ᠨᠢᠭᠡᠨᠲᠡ ᠡᠬᠢᠯᠡᠭᠰᠡᠨ ᠪᠠᠶᠢᠨ᠎ᠠ᠃ | ︽ᠡᠷᠡᠭᠦᠯ ᠮᠡᠨᠳᠦ ᠪᠣᠯ ᠵᠣᠯ ᠵᠢᠷᠭᠠᠯᠲᠤ ᠠᠮᠢᠳᠤᠷᠠᠯ ᠤᠨ ᠰᠠᠭᠤᠷᠢ ᠮᠥᠨ︾᠃ ᠤᠯᠠᠭᠠᠨᠲᠣᠯᠣᠭᠠᠶ ᠪᠠᠯᠭᠠᠰᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ ᠨᠡᠶᠢᠭᠡᠮ ᠤᠨ ᠪᠠᠲᠤᠯᠠᠭ᠎ᠠ ᠶᠢ ᠤᠯᠠᠮ ᠰᠠᠶᠢᠵᠢᠷᠠᠭᠤᠯᠵᠤ ᠰᠠᠭᠤᠭᠠᠯᠢ ᠠᠷᠠᠳ ᠤᠨ | ᠡᠷᠡᠭᠦᠯ ᠮᠡᠨᠳᠦ ᠶᠢ ᠨᠠᠩ ᠪᠠᠲᠤᠯᠠᠭ᠎ᠠ ᠲᠠᠢ ᠪᠣᠯᠭᠠᠵᠤ᠂ ᠠᠮᠢᠳᠤᠷᠠᠯ ᠢ ᠨᠢ ᠨᠠᠩ ᠵᠣᠯ ᠵᠢᠷᠭᠠᠯ ᠲᠠᠢ ᠪᠣᠯᠭᠠᠪᠠ᠃ 2025 ᠣᠨ ᠳᠤ᠂ ᠤᠯᠠᠭᠠᠨᠲᠣᠯᠣᠭᠠᠶ ᠪᠠᠯᠭᠠᠰᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠨᠠᠷ ᠢ ᠰᠢᠯᠢᠳᠡᠭᠵᠢᠭᠦᠯᠵᠦ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠦᠷᠭᠦᠯᠵᠢᠯᠡᠨ ᠲᠠᠰ ᠳᠡᠪᠰᠢᠭᠦᠯᠦᠨ | ᠥᠭᠡᠷᠡᠴᠢᠯᠡᠵᠦ᠂ ᠡᠮᠴᠢᠯᠡᠭᠡᠨ ᠤ ᠲᠥᠬᠦᠭᠡᠷᠦᠮᠵᠢ ᠶᠢ ᠤᠯᠠᠮ ᠨᠢᠭᠡ ᠠᠯᠬᠤᠮ ᠰᠠᠶᠢᠵᠢᠷᠠᠭᠤᠯᠤᠨ ᠡᠮᠴᠢ ᠰᠤᠪᠢᠯᠠᠭᠴᠢ ᠶᠢᠨ ᠲᠤᠰᠬᠠᠶ ᠮᠡᠷᠭᠡᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠪᠡ᠃ ᠡᠭᠦᠨ ᠤ ᠬᠠᠮᠲᠤ ᠤᠯᠠᠭᠠᠨᠲᠣᠯᠣᠭᠠᠶ ᠪᠠᠯᠭᠠᠰᠤ ᠪᠠᠰᠠ ᠪᠠᠯᠠ ᠮᠥᠩᠭᠦ ᠴᠤᠭᠯᠠᠭᠤᠯᠤᠨ ᠨᠠᠰᠤᠲᠠᠶᠢᠴᠤᠳ ᠲᠤ ᠦᠢᠯᠡᠴᠢᠯᠡᠬᠦ | ᠲᠥᠪ ᠪᠠᠶᠢᠭᠤᠯᠵᠤ ᠨᠠᠰᠤᠲᠠᠶᠢᠴᠤᠳ ᠤᠨ ᠥᠲᠡᠯᠦᠭᠡ ᠨᠠᠰᠤᠨ ᠤ ᠠᠮᠢᠳᠤᠷᠠᠯ ᠢ ᠨᠠᠩ ᠪᠠᠲᠤᠯᠠᠭ᠎ᠠ ᠲᠠᠢ ᠪᠣᠯᠭᠠᠪᠠ᠃ | ︽ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ︾᠃ ᠤᠯᠠᠭᠠᠨᠲᠣᠯᠣᠭᠠᠶ ᠪᠠᠯᠭᠠᠰᠤ ᠮᠠᠯᠴᠢᠨ ᠲᠠᠷᠢᠶᠠᠴᠢᠳ ᠤᠨ ᠠᠵᠢᠯ | ᠣᠯᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠢᠳᠡᠪᠬᠢᠲᠡᠶ ᠥᠷᠭᠡᠳᠬᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ | ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠬᠥᠲᠥᠯᠥᠨ ᠵᠢᠯᠣᠭᠤᠳᠪᠠ᠃ ᠡᠭᠦᠨ ᠤ ᠬᠠᠮᠲᠤ᠂ ᠪᠠᠯᠭᠠᠰᠤᠨ ᠠᠴᠠ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ | ᠬᠥᠮᠦᠨ ᠠᠮᠠ ᠶᠢ ᠲᠠᠰ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠬᠦ ᠲᠦᠷᠢᠮ ᠢ ᠨᠠᠶᠢᠳᠠᠪᠤᠷᠢᠵᠢᠭᠤᠯᠵᠤ ᠬᠠᠪᠰᠤᠷᠤᠨ ᠲᠡᠳᠬᠦᠬᠦ ᠨᠠᠷᠢᠯᠢᠭ | ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠠᠴᠠ ᠰᠡᠷᠭᠡᠶᠢᠯᠡᠪᠡ᠃ | ᠤᠯᠠᠭᠠᠨᠲᠣᠯᠣᠭᠠᠶ ᠪᠠᠯᠭᠠᠰᠤ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠲᠠᠰᠤᠷᠠᠯᠲᠠ ᠥᠬᠡᠶ ᠴᠡᠴᠡᠭᠯᠡᠭᠦᠯᠦᠨ ᠬᠥᠭᠵᠢᠭᠦᠯᠵᠦ᠂ ᠰᠢᠨ᠎ᠡ | ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠠᠵᠢᠯ ᠢ ᠭᠦᠨᠵᠡᠭᠡᠶᠢᠷᠡᠭᠦᠯᠦᠨ ᠡᠯ᠎ᠡ ᠲᠦᠷᠦᠯ ᠤᠨ ᠰᠣᠶᠣᠯ ᠤᠨ ᠠᠵᠢᠯᠯᠠᠭ᠎ᠠ ᠡᠷᠬᠢᠯᠡᠬᠦ ᠪᠠᠷ ᠲᠠᠮᠵᠢᠨ | ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠡᠭᠦᠨ ᠤ ᠬᠠᠮᠲᠤ | ᠪᠠᠯᠭᠠᠰᠤᠨ ᠠᠴᠠ ᠪᠠᠰᠠ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ ᠨᠠᠩ ᠣᠯᠠᠨ ᠰᠣᠶᠣᠯ ᠤᠨ | ᠲᠥᠬᠦᠭᠡᠷᠦᠮᠵᠢ ᠶᠢ ᠳᠣᠭᠢᠷᠠᠭᠤᠯᠤᠨ ᠣᠯᠠᠨ ᠲᠦᠮᠡᠨ ᠢ ᠰᠣᠶᠣᠯ ᠤᠨ ᠠᠮᠢᠳᠤᠷᠠᠯ ᠳᠤ ᠣᠷᠣᠯᠴᠠᠬᠤ ᠳᠤᠮᠳᠠ ᠵᠣᠯ ᠵᠢᠷᠭᠠᠯᠲᠤ ᠲᠥᠷᠥᠭᠳᠡᠯ ᠢ ᠨᠢ ᠳᠡᠭᠡᠭᠰᠢᠯᠡᠭᠦᠯᠪᠡ | ᠃ | ᠦᠢᠯᠠᠭᠠᠭᠰᠠᠨ ᠢᠶᠠᠷ ᠤᠯᠠᠭᠠᠨᠲᠣᠯᠣᠭᠠᠶ ᠪᠠᠯᠭᠠᠰᠤ ᠤᠷᠴᠢᠮ ᠤᠨ ᠵᠢᠯ ᠤᠳ ᠠᠴᠠ ᠠᠷᠠᠳ ᠤᠨ ᠠᠮᠢᠲᠤᠷᠠᠯ ᠤᠨ ᠢᠨᠵᠧᠨᠧᠷᠢᠩ ᠳᠤ ᠬᠦᠴᠦᠨ ᠢᠶᠠᠨ | ᠲᠦᠪᠯᠡᠷᠡᠭᠦᠯᠵᠦ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ ᠣᠨᠴᠠ ᠬᠦᠴᠢᠷᠳᠡᠯᠲᠡᠶ ᠬᠥᠮᠦᠰ ᠢ | ᠠᠪᠤᠷᠠᠨ ᠲᠤᠰᠠᠯᠠᠵᠤ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠠᠵᠢᠯ ᠣᠯᠭᠤᠯᠲᠠ ᠶᠢ ᠬᠥᠲᠥᠯᠥᠨ | ᠵᠢᠯᠤᠭᠤᠳᠬᠤ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠵᠡᠷᠭᠡ ᠶᠢ ᠤᠯᠠᠨ ᠬᠠᠷᠠᠭᠠᠰᠤ ᠪᠠᠷ ᠲᠠᠰᠤᠷᠠᠯᠲᠠ ᠥᠬᠡᠶ ᠴᠡᠴᠡᠭᠯᠡᠭᠦᠯᠦᠨ ᠬᠥᠭᠵᠢᠭᠦᠯᠵᠦ | ᠪᠦᠬᠦ ᠪᠠᠯᠭᠠᠰᠤᠨ ᠤ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠵᠤ ᠠᠷᠠᠳ ᠣᠯᠠᠨ ᠳᠤ ᠪᠠᠨ ᠨᠠᠩ ᠣᠯᠠᠨ ᠨᠠᠮ ᠵᠠᠰᠠᠭ ᠤᠨ ᠬᠠᠶᠢᠷ᠎ᠠ ᠬᠠᠯᠠᠮᠵᠢ ᠶᠢ | ᠬᠦᠷᠲᠡᠭᠡᠭᠰᠡᠭᠡᠷ ᠪᠠᠶᠢᠨ᠎ᠠ᠃ | | ᠪᠠᠶᠠᠷᠲᠤ | |