ᠮᠠᠨ ᠤ ᠬᠤᠰᠢᠭᠤ 1.7 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/5/6
      ᠡᠨᠡ ᠵᠢᠯ ᠮᠠᠨ ᠤ ᠬᠤᠰᠢᠭᠤ 1.7 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠥᠷᠭᠡᠨ ᠠᠬᠢᠭᠤᠯᠵᠤ ᠪᠣᠳᠠᠲᠤ ᠠᠵᠢᠯᠯᠠᠭ᠎ᠠ ᠪᠠᠷ ᠢᠶᠠᠨ ᠲᠠᠷᠢᠶᠠᠯᠠᠩ ᠤᠨ ᠰᠠᠭᠤᠷᠢ ᠶᠢ ᠪᠠᠭᠢᠵᠢᠭᠦᠯᠤᠨ ᠲᠠᠷᠢᠶᠠᠯᠠᠩ ᠦᠢᠯᠡᠳᠪᠦᠷᠢᠯᠡᠯ ᠳᠤ ᠬᠦᠴᠦᠲᠡᠢ ᠬᠦᠳᠡᠯᠭᠡᠬᠦ ᠭᠥᠴᠤᠨ ᠨᠡᠮᠠᠷᠢᠯᠠᠵᠤ ᠪᠠᠶᠢᠨ᠎ᠠ᠃      ᠮᠠᠨ ᠤ ᠬᠤᠰᠢᠭᠤᠨ ᠤ 1.7 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠭᠥᠷᠭᠦ ᠳᠤ᠂ ᠠᠩᠬᠠᠳᠠᠭᠴᠢ ᠲᠥᠬᠦᠭᠡᠷᠦᠮᠵᠢ ᠶᠢᠨ ᠭᠡᠷ ᠤᠨ ᠪᠦᠳᠦᠭᠡᠨ ᠪᠠᠶᠢᠭᠤᠯᠤᠯᠲᠠ᠂ ᠬᠤᠭᠤᠯᠠᠢ ᠳᠡᠪᠢᠰᠬᠦ ᠵᠡᠷᠭᠡ ᠠᠵᠢᠯ ᠵᠡᠷᠭᠡᠪᠡᠷ ᠶᠠᠭᠠᠷᠠᠯᠲᠠᠢ ᠪᠥᠭᠡᠳ ᠡᠮᠬᠢ ᠳᠢᠭᠯᠢᠮ ᠲᠠᠢ ᠶᠠᠪᠤᠭᠳᠠᠵᠤ ᠪᠠᠶᠢᠯ᠎ᠠ᠃ ᠮᠠᠯᠴᠢᠨ ᠷᠢᠨᠴᠢᠠᠳᠤᠷᠵᠢ ᠶᠢᠨ ᠲᠠᠨᠢᠯᠴᠠᠭᠤᠯᠬᠤ ᠪᠠᠷ᠂ ᠥᠩᠭᠡᠷᠡᠭᠰᠡᠨ ᠳᠤ ᠲᠡᠳᠡᠨ ᠤ ᠲᠠᠷᠢᠶᠠᠨ ᠭᠠᠵᠠᠷ ᠲᠤ ᠰᠦᠷᠴᠢᠨ ᠤᠰᠤᠯᠠᠬᠤ ᠠᠷᠭ᠎ᠠ ᠶᠢ ᠭᠡᠷᠡᠭᠯᠠᠨ ᠤᠰᠤ ᠪᠣᠷᠳᠣᠭᠤᠷ ᠴᠠᠬᠢᠯᠭᠠᠨ ᠢ ᠶᠡᠭᠡᠪᠡᠷ ᠪᠥᠷᠢᠯᠭᠡᠵᠤ ᠪᠠᠶᠢᠵᠠᠢ᠃ ᠡᠨᠡ ᠤᠳᠠᠭᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠨᠢ ᠲᠠᠳᠠᠨ ᠳᠤ ᠰᠢᠨ᠎ᠡ ᠬᠤᠪᠢᠷᠠᠯᠲᠠ ᠠᠪᠴᠢᠷᠠᠵᠤ APP ᠪᠠᠷ ᠳᠡᠮᠵᠢᠨ ᠠᠯᠤᠰ ᠠᠴᠠ ᠡᠵᠡᠮᠳᠡᠨ ᠤᠰᠤᠯᠠᠯᠲᠠ ᠬᠢᠵᠦ ᠴᠢᠳᠠᠬᠤ ᠪᠤᠯᠤᠭᠰᠠᠨ ᠪᠠᠶᠢᠨ᠎ᠠ᠃      ᠡᠨᠡ ᠬᠦ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠤᠰᠤᠯᠠᠯᠲᠠ ᠶᠢᠨ ᠮᠡᠷᠭᠡᠵᠢᠯ ᠨᠢ ᠠᠩᠬᠠᠳᠠᠭᠴᠢ ᠲᠥᠬᠦᠭᠡᠷᠦᠮᠵᠢ ᠶᠢᠨ ᠭᠡᠷ ᠤᠨ ᠡᠯ᠎ᠡ ᠲᠥᠷᠥᠯ ᠤᠨ ᠪᠠᠭᠠᠵᠢ ᠬᠡᠷᠡᠭᠰᠡᠯ ᠳᠤ ᠲᠥᠰᠢᠭᠯᠡᠳᠡᠭ ᠪᠠᠶᠢᠨ᠎ᠠ᠃ ᠣᠶᠤᠨᠴᠢ ᠲᠣᠭᠲᠠᠮᠠᠯ ᠳᠠᠷᠤᠯᠲᠠᠲᠤ ᠤᠰᠤᠨ ᠬᠥᠭᠡᠷᠭᠡ ᠶᠢᠨ ᠬᠦᠴᠦᠳᠡᠯ ᠬᠤᠪᠢᠰᠬᠠᠬᠤ ᠳᠠᠪᠲᠠᠮᠵᠢᠲᠤ ᠬᠤᠷᠭᠤ ᠨᠢ ᠬᠤᠭᠤᠯᠠᠶ ᠲᠣᠤᠷ ᠤᠨ ᠳᠠᠷᠤᠯᠲᠠ ᠶᠢ ᠦᠨᠳᠦᠰᠦᠯᠡᠨ ᠤᠰᠤᠨ ᠬᠥᠭᠡᠷᠭᠡ ᠶᠢᠨ ᠡᠷᠭᠢᠯᠲᠡ ᠶᠢᠨ ᠬᠤᠷᠳᠤᠴᠠ ᠶᠢ ᠠᠦ᠋ᠲ᠋ᠣ᠋ ᠲᠣᠬᠢᠷᠠᠭᠤᠯᠵᠤ᠂ 30% ᠶᠢᠨ ᠡᠨᠧᠷᠭᠢ ᠠᠷᠪᠢᠯᠠᠵᠤ᠂ ᠤᠶᠤᠨᠲᠤ ᠪᠤᠷᠳᠤᠭᠤᠷ ᠣᠷᠣᠭᠤᠯᠬᠤ ᠮᠠᠰᠢᠨ ᠨᠢ  ᠪᠤᠷᠳᠤᠭᠤᠷ ᠪᠠ ᠤᠰᠤᠯᠠᠯᠲᠠ ᠶᠢᠨ ᠤᠰᠤ ᠶᠢ ᠪᠦᠷᠢᠨ ᠲᠡᠭᠦᠯᠳᠡᠷ ᠬᠠᠷᠢᠴᠠᠯ ᠢᠶᠠᠷ ᠲᠣᠬᠢᠷᠠᠭᠤᠯᠵᠤ ᠪᠤᠯᠬᠤ ᠪᠥᠭᠡᠳ ᠲᠠᠷᠢᠶᠠᠨ ᠭᠠᠵᠠᠷ ᠲᠤ ᠲᠠᠯᠪᠢᠭᠰᠠᠨ ᠴᠠᠬᠢᠯᠭᠠᠨ ᠬᠥᠳᠡᠯᠭᠡᠭᠦᠷᠲᠦ ᠪᠥᠮᠪᠥᠭᠡᠨ ᠨᠡᠭᠡᠯᠡᠬᠡᠶ ᠨᠢ ᠭᠠᠷ ᠤᠲᠠᠰᠤᠨ ᠤ APP ᠪᠠᠷ ᠲᠠᠮᠵᠢᠨ ᠠᠯᠤᠰ ᠠᠴᠠ ᠠᠵᠢᠯᠯᠠᠵᠤ ᠤᠨᠤᠪᠴᠢᠳᠠᠢ ᠲᠤᠭᠢᠷᠠᠮᠵᠢᠳᠠᠢ ᠤᠰᠤᠯᠠᠬᠤ ᠶᠢ ᠪᠠᠶᠠᠯᠡᠭᠦᠯᠳᠡᠭ ᠠᠴᠠ ᠨᠢᠭᠡ ᠬᠥᠮᠦᠨ ᠮᠢᠩᠭᠠᠨ ᠮᠦ ᠲᠠᠷᠢᠶᠠᠨ ᠭᠠᠵᠠᠷ ᠤᠨ ᠤᠰᠤᠯᠠᠯᠳᠠ ᠶᠢ ᠬᠠᠮᠢᠶᠠᠷᠴᠤ ᠲᠠᠶᠢᠯᠭᠦ ᠪᠥᠭᠡᠳ ᠤᠯᠠᠮᠵᠢᠯᠠᠯᠲᠤ ᠤᠰᠤᠯᠠᠯᠲᠠ ᠶᠢᠨ ᠵᠠᠭᠪᠤᠷ ᠠᠴᠠ 70% ᠠᠴᠠ ᠳᠡᠭᠡᠭᠰᠢᠬᠢ ᠬᠥᠮᠦᠨ ᠤ ᠭᠥᠴᠤ ᠶᠢ ᠠᠷᠪᠢᠯᠠᠬᠤ ᠪᠤᠯᠤᠨ᠎ᠠ᠃      ᠲᠤᠰ ᠤᠳᠠᠭᠠᠨ ᠤ ᠦᠤᠰᠢᠨ ᠬᠤᠰᠢᠭᠤᠨ ᠤ 1.7 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 4464 ᠲᠦᠮᠡᠨ ᠲᠥᠭᠦᠷᠢᠭ ᠪᠠᠶᠢᠵᠤ᠂ ᠰᠢᠷᠬᠤᠰᠤᠨ ᠪᠠᠯᠭᠠᠰᠤ ᠪᠠ ᠰᠦᠯᠳᠡ ᠰᠤᠮᠤᠨ ᠳᠤ ᠭᠡᠷᠡᠭᠵᠢᠭᠦᠯᠭᠦ ᠪᠠᠷ ᠪᠤᠢ᠃ ᠲᠥᠷᠥᠯ ᠵᠦᠢᠯ ᠳᠤ ᠭᠤᠤᠯᠳᠠᠭᠤ ᠤᠰᠤᠯᠠᠬᠤ ᠪᠠ ᠤᠰᠤ ᠲᠠᠲᠠᠷᠠᠭᠤᠯᠬᠤ ᠢᠨᠵᠧᠨᠧᠷᠢᠩ᠂ ᠬᠥᠷᠥᠰᠥ ᠰᠢᠷᠣᠶ ᠶᠢ ᠰᠠᠶᠢᠵᠢᠷᠠᠭᠤᠯᠬᠤ ᠢᠨᠵᠧᠨᠧᠷᠢᠩ᠂ ᠲᠠᠷᠢᠶᠠᠨ ᠭᠠᠵᠠᠷ ᠤᠨ ᠵᠠᠮ ᠤᠨ ᠢᠨᠵᠧᠨᠧᠷᠢᠩ᠂ ᠲᠠᠷᠢᠶᠠᠨ ᠭᠠᠵᠠᠷ ᠤᠨ ᠴᠠᠬᠢᠯᠭᠠᠨ ᠬᠦᠷᠭᠡᠬᠦ ᠢᠨᠵᠧᠨᠧᠷᠢᠩ ᠵᠡᠷᠭᠡ ᠶᠢ ᠪᠠᠭᠳᠠᠭᠠᠨ᠎ᠠ᠃                                  ᠰᠤᠷᠪᠤᠯᠵᠢᠯᠠᠭᠴᠢ᠄ ᠤᠶᠤᠨᠴᠢᠮᠡᠭ᠂ ᠪᠠᠶᠠᠠᠳᠠᠯᠠᠢ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ