ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 7 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 7 ᠤ ᠣᠷᠣᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠤ ᠤᠷᠢᠯᠭ᠎ᠠ ᠪᠠᠷ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ | ᠶᠣᠰᠣᠯᠠᠯ ᠳᠤ ᠣᠷᠤᠯᠴᠠᠬᠤ ᠪᠠᠷ ᠲᠤᠰᠬᠠᠢ ᠨᠢᠰᠬᠡᠯ ᠢᠶᠠᠷ ᠮᠣᠰᠺᠸᠠ ᠳᠤ ᠭᠦᠷᠪᠠ᠃ | | | | | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 7 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ | ᠫᠦᠲ᠋ᠢᠨ ᠤ ᠤᠷᠢᠯᠭ᠎ᠠ ᠪᠠᠷ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ | ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠪᠠᠷ ᠲᠤᠰᠬᠠᠢ ᠨᠢᠰᠬᠡᠯ ᠢᠶᠠᠷ | ᠮᠣᠰᠺᠸᠠ ᠳᠤ ᠭᠦᠷᠪᠠ᠃ ᠤᠷᠤᠰ ᠤᠨ ᠲᠠᠯ᠎ᠠ ᠶᠢᠨ ᠬᠢᠨ ᠨᠢᠰᠬᠡᠯ ᠤᠨ ᠪᠠᠭᠤᠳᠠᠯ ᠳᠤ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠪᠠ᠃ ᠵᠢᠷᠤᠭ ᠪᠣᠯ | ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠤᠷᠤᠰ ᠤᠨ ᠬᠠᠷᠢᠶ᠎ᠠ ᠣᠭᠲᠠᠷᠭᠤᠢ ᠳᠤ ᠣᠷᠣᠭᠰᠠᠨ ᠤ ᠳᠠᠷᠠᠭ᠎ᠠ᠂ ᠤᠷᠤᠰ ᠤᠨ ᠠᠭᠠᠷ ᠤᠨ | ᠴᠡᠷᠢᠭ ᠤᠨ ᠪᠠᠶᠢᠯᠳᠤᠭᠠᠨ ᠤ ᠨᠢᠰᠬᠡᠯ ᠠᠭᠠᠷ ᠤᠨ ᠠᠶᠠᠯᠠᠯ ᠢ ᠬᠠᠮᠠᠭᠠᠯᠠᠪᠠ᠃ | ᠰᠢ ᠶᠢᠨ ᠫᠢᠩ ᠮᠣᠰᠺᠸᠠ ᠶᠢᠨ ᠹᠦᠨᠦ᠋ᠺᠧᠸᠧ ᠲᠤᠰᠬᠠᠢ ᠨᠢᠰᠬᠡᠯ ᠤᠨ ᠪᠠᠭᠤᠳᠠᠯ ᠳᠤ ᠬᠦᠷᠬᠦ ᠦᠶ᠎ᠡ ᠳᠤ᠂ ᠤᠷᠤᠰ ᠤᠨ ᠳᠡᠳ᠋ ᠶᠡᠷᠦᠩᠬᠡᠢ ᠰᠠᠶᠢᠳ | ᠭᠧᠯᠢᠺᠸᠧᠠ ᠵᠡᠷᠭᠡ ᠵᠠᠰᠠᠭ ᠤᠨ ᠣᠷᠳᠣᠨ ᠤ ᠳᠡᠭᠡᠳᠦ ᠲᠡᠰ ᠤᠨ ᠠᠯᠪᠠᠨ ᠲᠤᠰᠢᠶᠠᠯᠲᠠᠨ ᠬᠠᠯᠠᠭᠤᠨ ᠢᠶᠠᠷ ᠤᠭᠲᠤᠨ ᠠᠪᠤᠪᠠ᠃ | ᠤᠷᠤᠰ ᠤᠨ ᠲᠠᠯ᠎ᠠ ᠶᠢᠨ ᠬᠢᠨ ᠨᠢᠰᠬᠡᠯ ᠤᠨ ᠪᠠᠭᠤᠳᠠᠯ ᠳᠤ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠪᠠ᠃ ᠴᠡᠷᠢᠭ ᠤᠨ ᠬᠥᠭᠵᠢᠮ ᠤᠨ | ᠪᠦᠯᠭᠦᠮ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ | ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ | ᠲᠦᠮᠡᠨ ᠤ ᠡᠮᠦᠨ᠎ᠡ ᠠᠴᠠ ᠤᠷᠤᠰ ᠤᠨ ᠵᠠᠰᠠᠭ ᠤᠨ ᠣᠷᠳᠣᠨ ᠪᠣᠯᠣᠨ ᠤᠷᠤᠰ ᠤᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ | ᠰᠠᠶᠢᠬᠠᠨ ᠵᠥᠩᠨᠡᠯ ᠳᠡᠪᠰᠢᠭᠦᠯᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠤᠷᠤᠰ ᠪᠣᠯ ᠰᠢᠯᠵᠢᠰᠢ ᠦᠭᠡᠢ ᠰᠠᠶᠢᠨ ᠬᠥᠷᠰᠢ᠂ ᠵᠣᠪᠠᠭᠤᠷᠢ ᠵᠦᠳᠡᠭᠦᠷᠢ ᠪᠠᠨ ᠬᠠᠮᠲᠤᠳᠬᠠᠭᠰᠠᠨ | ᠵᠢᠩᠬᠢᠨᠢ ᠨᠠᠶᠢᠵᠠ᠂ ᠬᠠᠷᠢᠯᠴᠠᠨ ᠠᠮᠵᠢᠯᠲᠠ ᠣᠯᠬᠤ ᠶᠢ ᠠᠬᠢᠭᠤᠯᠤᠭᠰᠠᠨ ᠰᠠᠶᠢᠨ ᠬᠠᠨᠢᠲᠠᠨ ᠶᠤᠮ᠃ ᠬᠤᠶᠠᠷ ᠲᠠᠯ᠎ᠠ ᠪᠠᠷ ᠢᠶᠠᠨ ᠬᠥᠷᠰᠢ ᠵᠡᠷᠭᠡᠯᠡᠳᠡᠭᠡ ᠲᠣᠮᠣ | ᠤᠯᠤᠰ ᠤᠨ ᠵᠥᠪ ᠣᠨᠣᠪᠴᠢᠲᠠᠢ ᠬᠠᠷᠢᠯᠴᠠᠬᠤ ᠵᠠᠮ ᠢ ᠨᠢᠭᠡᠨᠲᠡ ᠰᠦᠪᠡᠭᠴᠢᠯᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭᠠᠨ ᠤ ᠵᠣᠷᠢᠭ ᠰᠠᠨᠠᠭ᠎ᠠ ᠶᠢ ᠴᠣᠭᠴᠠᠯᠠᠪᠠ᠃ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠪᠣᠯᠪᠠᠰᠤᠷᠠᠩᠭᠤᠢ ᠪᠥᠭᠡᠳ ᠳᠠᠭᠠᠭᠠᠮᠠᠭᠠᠢ | ᠳᠤᠮᠳᠠᠳᠤ ᠣᠷᠣᠰ ᠤᠨ ᠬᠠᠷᠢᠯᠴᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠳᠤ ᠯᠤᠲᠤ ᠶᠡᠭᠡ ᠠᠵᠠ ᠵᠢᠷᠭᠠᠯ ᠣᠯᠭᠤᠭᠰᠠᠨ ᠪᠥᠭᠡᠳ ᠪᠠᠰᠠ ᠪᠦᠭᠦ | ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠣᠯᠠᠨ | ᠲᠦᠢᠯᠵᠢᠯᠳᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠡᠨᠡ ᠵᠢᠯ ᠪᠣᠯ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ | ᠣᠯᠣᠭᠰᠠᠨ 80 ᠵᠢᠯ ᠤᠨ ᠤᠢ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ᠃ ᠳᠤᠮᠳᠠᠳᠤ ᠤᠷᠤᠰ | ᠳᠡᠯᠡᠬᠡᠢ ᠶᠢᠨ ᠭᠤᠣᠯ ᠪᠤᠯᠬᠤ ᠲᠣᠮᠣ ᠤᠯᠤᠰ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ | ᠡᠷᠭᠢᠯᠡᠭᠴᠢ ᠤᠯᠤᠰ ᠪᠣᠯᠤᠭᠰᠠᠨ ᠤ ᠬᠤᠪᠢ ᠳᠤ᠂ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠭᠠᠷ ᠬᠤᠯᠪᠣᠨ ᠬᠠᠮᠠᠭᠠᠯᠠᠵᠤ | ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠨᠡᠩ | ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠪᠢ ᠶᠡᠷᠦᠩᠬᠡᠶᠢᠯᠡᠭᠴᠢ | ᠫᠦᠲ᠋ᠢᠨ ᠯᠦᠭᠡ ᠬᠤᠶᠠᠷ ᠲᠠᠯ᠎ᠠ ᠶᠢᠨ ᠬᠠᠷᠢᠯᠴᠠᠭ᠎ᠠ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ | ᠭᠠᠵᠠᠷ ᠣᠷᠣᠨ ᠤ ᠠᠰᠠᠭᠤᠳᠠᠯ ᠤᠨ ᠲᠤᠬᠠᠢ ᠭᠦᠨᠵᠡᠭᠡᠢ ᠣᠯᠣᠯᠴᠠᠵᠤ᠂ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ | ᠬᠦᠰᠡᠵᠦ ᠪᠠᠶᠢᠨ᠎ᠠ︔ ᠣᠯᠠᠨ ᠤᠯᠤᠰ ᠤᠨ ᠤᠳᠤᠷᠢᠳᠬᠤ ᠬᠥᠮᠥᠰ ᠪᠣᠯᠣᠨ ᠣᠷᠣᠰ ᠤᠨ ᠠᠷᠠᠳ ᠲᠦᠮᠡᠨ ᠲᠠᠢ ᠬᠠᠮᠲᠤ ᠪᠠᠷ ᠳᠡᠯᠡᠬᠡᠢ ᠶᠢᠨ ᠹᠠᠱᠢᠰ ᠢ | ᠡᠰᠡᠷᠭᠦᠴᠡᠬᠦ ᠳᠠᠶᠢᠨ ᠤ ᠢᠯᠠᠯᠲᠠ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ | ᠣᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠴᠠᠭ ᠦᠶ᠎ᠡ ᠶᠢᠨ ᠬᠦᠴᠦᠷᠬᠡᠭ ᠳᠠᠭᠤᠨ ᠢ ᠬᠠᠮᠲᠤ ᠪᠠᠷ ᠴᠤᠤᠷᠢᠶᠠᠲᠤᠭᠤᠯᠬᠤ ᠶᠢ | ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠼᠠᠢ ᠴᠢ᠂ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠭᠦᠷᠪᠡ᠃ | ᠤᠷᠤᠰ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠵᠠᠩ ᠬᠠᠨ ᠬᠤᠢ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠵᠠᠢ᠃ | ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠪᠠᠭᠤᠳᠠᠯᠯᠠᠬᠤ ᠵᠣᠴᠢᠳ ᠤᠨ ᠪᠠᠭᠤᠳᠠᠯ ᠳᠠᠭᠠᠨ ᠬᠦᠷᠬᠦ ᠵᠠᠮ ᠵᠠᠭᠤᠷ᠎ᠠ᠂ | ᠲᠤᠬᠠᠢ ᠶᠢᠨ ᠭᠠᠵᠠᠷ ᠤᠨ ᠠᠷᠠᠳ ᠤᠯᠠᠨ ᠵᠢᠴᠢ ᠳᠤᠮᠳᠠᠳᠤ ᠶᠢᠨ ᠪᠡᠯᠡ ᠣᠷᠣᠭᠤᠯᠤᠭᠰᠠᠨ ᠠᠵᠤ ᠠᠬᠤᠶᠢᠯᠠᠯ ᠪᠣᠯᠣᠨ ᠭᠠᠳᠠᠭᠠᠳᠤ ᠳᠤ ᠰᠤᠷᠤᠯᠴᠠᠵᠤ ᠪᠠᠶᠢᠭ᠎ᠠ | ᠰᠤᠷᠤᠬᠴᠢᠳ ᠤᠨ ᠲᠥᠯᠥᠭᠡᠯᠡᠭᠴᠢ ᠵᠠᠮ ᠤᠨ ᠬᠤᠶᠠᠷ ᠲᠠᠯ᠎ᠠ ᠳᠤ ᠴᠤᠭᠯᠠᠷᠠᠵᠤ᠂ ︽ᠲᠡᠷᠢᠭᠦᠯᠡᠭᠴᠢ ᠰᠢ ᠶᠢᠨ ᠫᠢᠩ ᠤᠨ ᠤᠷᠤᠰ ᠲᠤ ᠠᠶᠢᠯᠴᠢᠯᠠᠷ᠎ᠠ ᠢᠷᠡᠭᠰᠡᠨ ᠢ | ᠪᠠᠶᠠᠷᠯᠠᠨ ᠤᠭᠲᠤᠶ᠎ᠠ︾ ᠭᠡᠬᠦ ᠮᠡᠲᠦ ᠶᠢᠨ ᠤᠯᠠᠭᠠᠨ ᠥᠩᠭᠡ ᠶᠢᠨ ᠬᠥᠨᠳᠡᠯᠡᠨ ᠪᠢᠴᠢᠭᠡᠰᠦ ᠡᠷᠭᠦᠵᠦ᠂ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ | ᠲᠤᠭ ᠢ ᠬᠤᠷᠦ᠋ᠢᠯᠠᠵᠤ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ |