ᠨᠢᠭᠡᠳᠦᠭᠡᠷ ᠤᠯᠠᠷᠢᠯ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠦᠤᠰᠢᠨ ᠬᠤᠰᠢᠭᠤ | ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠬᠤᠷᠸ᠎ᠠ ᠲᠥᠷᠥ ᠶᠢᠨ ᠪᠣᠳᠣᠯᠭ᠎ᠠ ᠶᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ | ᠨᠠᠶᠢᠳᠠᠪᠤᠷᠢᠵᠢᠭᠤᠯᠤᠨ ᠪᠥᠬᠦ ᠬᠤᠰᠢᠭᠤᠨ ᠤ ᠠᠵᠤ ᠠᠬᠤᠶ ᠶᠢᠨ ᠬᠦᠢᠴᠡᠳᠬᠡᠯ ᠲᠤᠭ᠎ᠠ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠴᠦ ᠨᠡᠮᠡᠭᠳᠡᠯ ᠤᠨ | ᠬᠥᠳᠡᠯᠭᠡᠬᠦ ᠬᠦᠴᠦᠨ ᠲᠠᠰᠤᠷᠠᠯᠲᠠ ᠥᠬᠡᠶ ᠴᠢᠩᠭᠠᠷᠠᠪᠠ᠃ | ᠬᠤᠰᠢᠭᠤ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ | 2025 ᠣᠨ ᠤ ᠨᠢᠭᠡᠳᠦᠭᠡᠷ ᠤᠯᠠᠷᠢᠯ ᠳᠤ᠂ ᠦᠦᠰᠢᠨ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 138.8 | ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠭᠤᠯᠬᠤ ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠪᠡ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 113.2 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 10.0% ᠢᠶᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 25 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠢᠶᠠᠷ ᠨᠡᠮᠡᠭᠳᠡᠪᠡ᠃ | ᠨᠢᠭᠡ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠪᠦᠬᠦ ᠲᠠᠯ᠎ᠠ ᠪᠠᠷ ᠬᠥᠭᠵᠢᠵᠦ ᠲᠠᠷᠢᠶᠠᠯᠠᠩ ᠤᠨ ᠦᠢᠯᠡᠳᠪᠦᠷᠢᠯᠡᠯ | ᠲᠣᠭᠲᠠᠭᠤᠨ ᠢᠶᠠᠷ ᠨᠡᠮᠡᠭᠳᠡᠪᠡ | ᠨᠢᠭᠡᠳᠦᠭᠡᠷ ᠤᠯᠠᠷᠢᠯ ᠳᠤ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠳᠬᠦᠨ ᠤ ᠶᠡᠷᠦᠩᠬᠡᠶ ᠥᠷᠲᠡᠭ 1.2 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ ᠡᠬᠦᠨ ᠳᠤ᠄ ᠳᠠᠷᠢᠶᠠᠯᠠᠩ ᠤᠨ ᠦᠢᠯᠡᠳᠬᠦᠨ ᠤ | ᠦᠷᠳᠡᠭ 597.5 ᠲᠦᠮᠡᠨ ᠳᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠪᠡ︔ ᠤᠢ ᠰᠢᠭᠤᠢ ᠶᠢᠨ ᠦᠢᠯᠡᠳᠬᠦᠨ ᠤ | ᠦᠷᠳᠡᠭ 925.5 ᠲᠦᠮᠡᠨ ᠳᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ︔ ᠮᠠᠯ ᠠᠵᠤ ᠠᠬᠤᠢ ᠶᠢᠨ | ᠦᠢᠯᠡᠳᠬᠦᠨ ᠤ ᠦᠷᠳᠡᠭ 8322.1 ᠲᠦᠮᠡᠨ ᠳᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ︔ ᠵᠢᠭᠠᠰᠤᠨ ᠤ | ᠦᠢᠯᠡᠰ ᠤᠨ ᠦᠢᠯᠡᠳᠬᠦᠨ ᠤ ᠦᠷᠳᠡᠭ 345.2 ᠲᠦᠮᠡᠨ ᠳᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃ | ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠴᠢᠯᠡᠭᠡᠨ ᠤ ᠦᠢᠯᠡᠰ ᠤᠨ ᠦᠢᠯᠡᠳᠬᠦᠨ ᠤ ᠥᠷᠲᠡᠭ 1852.8 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃ | ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠦᠷᠭᠡᠨ ᠬᠥᠭᠵᠢᠵᠤ ᠨᠡᠮᠡᠭᠳᠡᠬᠦ ᠬᠠᠨᠳᠤᠰᠢ ᠦᠷᠭᠦᠯᠵᠢᠯᠡᠨ ᠴᠢᠩᠭᠠᠷᠠᠪᠠ | ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 12.3% | ᠪᠠᠶᠢᠵᠤ᠂ ᠪᠦᠬᠦ ᠬᠤᠲᠠ ᠠᠴᠠ ᠵᠠᠭᠤᠨ ᠤ ᠬᠠᠷᠢᠴᠠᠯ ᠢᠶᠠᠷ 4.9 ᠬᠤᠪᠢ ᠥᠨᠳᠥᠷ ᠪᠣᠯᠵᠤ᠂ ᠪᠦᠬᠦ ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠪᠠ᠃ | ᠭᠤᠷᠪᠠᠨ ᠶᠡᠭᠡ ᠲᠥᠷᠥᠯ ᠤᠨ ᠦᠢᠯᠡᠰ ᠪᠦᠬᠦ ᠲᠠᠯ᠎ᠠ ᠪᠠᠷ ᠨᠡᠮᠡᠭᠳᠡᠪᠡ᠃ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 3.1% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 44.6% ᠪᠠᠷ | ᠨᠡᠮᠡᠭᠳᠡᠵᠦ᠂ ᠴᠠᠬᠢᠯᠭᠠᠨ ᠬᠦᠴᠦᠨ᠂ ᠳᠤᠯᠠᠭᠠᠯᠠᠭ᠎ᠠ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 90.3% ᠪᠠᠷ ᠨᠡᠮᠡᠭᠳᠡᠪᠡ᠃ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠬᠡᠮᠵᠢᠶ᠎ᠡ ᠶᠠᠰᠤ ᠴᠢᠨᠠᠷ | ᠳᠡᠭᠡᠭᠰᠢᠯᠡᠪᠡ᠃ ᠲᠦᠭᠦᠬᠡᠢ ᠨᠡᠭᠦᠷᠡᠰᠦ 1211.44 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.57% ᠪᠠᠷ ᠨᠡᠮᠡᠭᠳᠡᠪᠡ︔ | ᠨᠠᠷᠢᠯᠢᠭ ᠮᠧᠲ᠋ᠢᠯ ᠠᠯᠺᠣᠣᠯ 296.64 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 93.78% ᠪᠠᠷ ᠨᠡᠮᠡᠭᠳᠡᠪᠡ︔ ᠰᠢᠩᠭᠡᠨᠵᠢᠮᠡᠯ | ᠪᠠᠶᠢᠭᠠᠯᠢ ᠶᠢᠨ ᠰᠢᠲᠠᠮᠠᠬᠠᠶ ᠬᠡᠶ 28.56 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 46.78% ᠪᠠᠷ ᠨᠡᠮᠡᠭᠳᠡᠪᠡ︔ ᠰᠢᠭᠡᠰᠦᠯᠢᠭ | ᠡᠳ᠋ 79.12 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.38% ᠪᠠᠷ ᠨᠡᠮᠡᠭᠳᠡᠪᠡ︔ ᠪᠥᠭᠡᠭᠡᠨᠡᠷᠡᠯ ᠡᠲ᠋ᠧᠨ 51.10 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 91.29% ᠪᠠᠷ ᠨᠡᠮᠡᠭᠳᠡᠪᠡ︔ ᠪᠥᠭᠡᠭᠡᠨᠡᠷᠡᠯ ᠫᠷᠣᠫᠧᠨ 47.63 ᠲᠦᠮᠡᠨ ᠲᠣᠨ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 73.75% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 7.84 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 3.99% ᠪᠠᠷ ᠨᠡᠮᠡᠭᠳᠡᠪᠡ᠃ | ᠭᠤᠷᠪᠠ᠂ ᠪᠦᠲᠦᠮᠵᠢᠲᠡᠶ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠵᠤ ᠪᠦᠲᠦᠴᠡ ᠶᠢ ᠰᠢᠯᠢᠳᠡᠭᠵᠢᠭᠦᠯᠬᠦ ᠠᠵᠢᠯ ᠢᠯᠡᠳᠲᠡ ᠦᠷ᠎ᠡ ᠪᠦᠲᠦᠮᠵᠢ | ᠣᠯᠪᠠ | ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.1% ᠪᠠᠷ | ᠨᠡᠮᠡᠭᠳᠡᠪᠡ᠃ ᠭᠤᠷᠪᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ᠃ ᠨᠢᠭᠡᠳᠦᠭᠡᠷ ᠠᠵᠤ ᠦᠢᠯᠡᠰ ᠤᠨ ᠪᠡᠯᠡ | ᠣᠷᠣᠭᠤᠯᠤᠯᠲᠠ ᠴᠡᠪᠡᠷ ᠨᠡᠮᠡᠭᠳᠡᠯ ᠢ ᠪᠡᠶᠡᠯᠡᠭᠦᠯᠵᠦ᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ 1.4 ᠬᠤᠪᠢ ᠨᠡᠮᠡᠭᠳᠡᠬᠦ ᠶᠢ | ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.3% ᠪᠠᠷ ᠪᠠᠭᠤᠷᠠᠪᠠ︔ ᠭᠤᠷᠪᠠᠳᠤᠭᠠᠷ | ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 368.1% ᠪᠠᠷ ᠨᠡᠮᠡᠭᠳᠡᠵᠦ᠂ ᠪᠦᠬᠦ ᠬᠤᠰᠢᠭᠤᠨ ᠤ ᠪᠡᠯᠡ ᠣᠷᠣᠭᠤᠯᠤᠯᠲᠠ | ᠶᠢ ᠵᠠᠭᠤᠨ ᠤ ᠬᠠᠷᠢᠴᠠᠯ ᠢᠶᠠᠷ 6.9 ᠬᠤᠪᠢ ᠨᠡᠮᠡᠭᠳᠡᠬᠦ ᠶᠢ ᠲᠠᠶᠢᠴᠢᠯᠠᠪᠠ᠃ ᠰᠠᠭᠤᠷᠢ ᠪᠡᠯᠡ ᠣᠷᠣᠭᠤᠯᠤᠯᠲᠠ ᠶᠢᠨ ᠲᠤᠯᠭᠠᠭᠤᠷᠢ ᠬᠦᠴᠦᠲᠡᠢ ᠪᠠᠶᠢᠨ᠎ᠠ᠃ | ᠰᠠᠭᠤᠷᠢ ᠲᠦᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 813.7% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠡᠯᠡ | ᠣᠷᠣᠭᠤᠯᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠲᠣᠰ ᠲᠣᠰ ᠠᠳᠠᠯᠢ ᠬᠤᠭᠤᠴᠠᠭᠠᠨ ᠤ ᠬᠢ ᠠᠴᠠ 42.7%᠂ 22.0% | ᠢᠶᠠᠷ ᠪᠠᠭᠤᠷᠠᠪᠠ᠃ | ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 31 ᠪᠠᠶᠢᠵᠤ᠂ | ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 30852 ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 71. | 98% ᠢᠶᠠᠷ ᠨᠡᠮᠡᠭᠳᠡᠪᠡ︔ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 11444 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 66.0% ᠢᠶᠠᠷ ᠨᠡᠮᠡᠭᠳᠡᠪᠡ᠃ | ᠳᠥᠷᠪᠡ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠢᠯᠠᠰ ᠴᠡᠭ ᠣᠯᠠᠨ ᠭᠠᠷᠴᠤ ᠪᠣᠬᠢᠷᠲᠤᠯ ᠥᠬᠡᠶ ᠬᠡᠷᠡᠭᠯᠡᠭᠡ ᠤᠳᠤᠷᠢᠳᠬᠤ ᠪᠠᠶᠢᠷᠢ ᠶᠢ ᠡᠵᠡᠯᠡᠪᠡ | ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 8.9 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠠᠴᠠ ᠵᠠᠭᠤᠨ ᠤ | ᠬᠠᠷᠢᠴᠠᠯ ᠢᠶᠠᠷ 1.2 ᠬᠤᠪᠢ ᠲᠦᠷᠭᠡᠨ ᠪᠣᠯᠵᠤ᠂ ᠪᠥᠬᠦ ᠬᠤᠲᠠ ᠳᠤ ᠲᠡᠷᠢᠬᠦᠯᠡᠪᠡ᠃ ᠡᠭᠦᠨ ᠳᠤ᠄ ᠢᠳᠡᠭᠡᠨ ᠤᠮᠳᠠᠭᠠᠨ ᠤ ᠣᠷᠣᠯᠭ᠎ᠠ 1.3 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.0% ᠢᠶᠠᠷ ᠨᠡᠮᠡᠭᠳᠡᠪᠡ︔ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 7.6 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃ ᠳᠥᠷᠪᠡᠨ ᠶᠡᠭᠡ ᠠᠵᠢᠯ ᠲᠥᠷᠥᠯ ᠢ ᠵᠡᠷᠭᠡᠪᠡᠷ | ᠬᠦᠭᠵᠢᠬᠦᠯᠪᠡ᠃ ᠪᠥᠭᠡᠮ ᠢᠶᠠᠷ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ 19.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ︔ ᠵᠢᠵᠢᠭᠯᠡᠨ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ 7.9 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.7% ᠪᠠᠷ ᠨᠡᠮᠡᠭᠳᠡᠪᠡ︔ ᠪᠠᠭᠤᠳᠠᠯ ᠤᠨ ᠦᠢᠯᠡᠰ ᠤᠨ ᠡᠵᠡᠩᠨᠡᠯᠲᠡ ᠶᠢᠨ ᠬᠡᠮᠵᠢᠶ᠎ᠡ | 1265.5 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8% ᠢᠶᠠᠷ ᠨᠡᠮᠡᠭᠳᠡᠪᠡ︔ ᠢᠳᠡᠭᠡᠨ ᠤᠮᠳᠠᠭᠠᠨ ᠤ ᠦᠢᠯᠡᠰ ᠤᠨ | ᠡᠵᠡᠩᠨᠡᠯᠲᠡ ᠶᠢᠨ ᠬᠡᠮᠵᠢᠶ᠎ᠡ 2.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.7% ᠪᠠᠷ ᠨᠡᠮᠡᠭᠳᠡᠪᠡ᠃ ᠮᠠᠰᠢᠨ | ᠲᠡᠷᠭᠡᠨ ᠤ ᠬᠡᠷᠡᠭᠯᠡᠭᠡ ᠬᠦᠴᠦᠲᠡᠶ ᠨᠡᠮᠡᠭᠳᠡᠪᠡ᠃ ᠬᠢᠵᠠᠭᠠᠷᠯᠠᠭᠰᠠᠨ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ | 9688.6 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 184.7% ᠪᠠᠷ ᠨᠡᠮᠡᠭᠳᠡᠨ᠂ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ ᠶᠢ 51.6% ᠪᠠᠷ ᠨᠡᠮᠡᠭᠳᠡᠭᠦᠯᠬᠦ ᠶᠢ ᠳᠠᠶᠢᠴᠢᠯᠠᠪᠠ᠃ ᠪᠣᠬᠢᠷᠲᠤᠯ ᠥᠬᠡᠢ ᠣᠶᠤᠨᠴᠢ ᠲᠥᠷᠥᠯ ᠤᠨ ᠲᠠᠸᠠᠷ ᠶᠡᠭᠡ ᠪᠠᠷ | ᠪᠣᠷᠣᠯᠠᠭᠤᠯᠤᠭᠳᠠᠪᠠ᠃ ᠨᠢᠭᠡᠳᠦᠭᠡᠷ ᠤᠯᠠᠷᠢᠯ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ 4512.3 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 681.9% ᠪᠠᠷ ᠨᠡᠮᠡᠭᠳᠡᠵᠦ᠂ ᠮᠠᠰᠢᠨ ᠲᠡᠷᠭᠡᠨ ᠤ ᠲᠥᠷᠥᠯ ᠤᠨ ᠡᠵᠡᠯᠡᠬᠦ ᠬᠤᠪᠢ ᠶᠢᠨ | ᠵᠢᠩ ᠨᠢ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 29.7 ᠬᠤᠪᠢ ᠳᠡᠭᠡᠭᠰᠢᠯᠡᠪᠡ᠃ ᠤᠶᠤᠨᠲᠤ ᠬᠡᠷ ᠤᠨ ᠴᠠᠬᠢᠯᠭᠠᠨ ᠬᠡᠷᠡᠭᠰᠡᠯ ᠪᠠ ᠳᠠᠭᠤ | ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 676.9 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 13.1% ᠪᠠᠷ ᠨᠡᠮᠡᠭᠳᠡᠪᠡ᠃ ᠣᠶᠤᠨᠲᠤ ᠭᠠᠷ ᠤᠲᠠᠰᠤᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ 742.1 ᠲᠦᠮᠡᠨ ᠲᠥᠭᠦᠷᠢᠭ | ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ᠃ | ᠲᠠᠪᠤ᠂ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠬᠥᠭᠵᠢᠵᠤ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠤᠶᠠᠨ ᠬᠠᠳᠠᠨ ᠴᠢᠨᠠᠷ ᠢᠯᠡᠷᠡᠪᠡ | 1 — 2 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 1. | 22 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠵᠢᠯ ᠲᠦᠷᠦᠯ ᠢᠶᠠᠷ ᠬᠤᠪᠢᠶᠠᠨ ᠠᠪᠴᠤ ᠦᠵᠡᠪᠡᠯ᠄ ᠵᠠᠮ ᠲᠡᠭᠡᠭᠡᠪᠦᠷᠢ᠂ ᠬᠦᠮᠦᠷᠭᠡᠯᠡᠨ ᠬᠠᠳᠠᠭᠠᠯᠠᠬᠤ ᠪᠠ | ᠰᠢᠤᠳᠠᠨ ᠤ ᠦᠢᠯᠡᠰ ᠤᠨ ᠡᠵᠡᠩᠨᠡᠯᠲᠡ ᠶᠢᠨ ᠤᠷᠤᠯᠭ᠎ᠠ 0.48 ᠳ᠋ᠦᠩᠰᠢᠭᠤᠷ ᠲᠦᠬᠦᠷᠢᠭ ᠲᠤ ᠬᠦᠷᠴᠤ᠂ 39.3% ᠶᠢ ᠡᠵᠡᠯᠡᠪᠡ︔ ᠲᠦᠷᠢᠶᠡᠰᠦᠯᠡᠬᠦ ᠪᠠ | ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠤᠷᠤᠯᠭ᠎ᠠ 0.36 ᠳ᠋ᠦᠩᠰᠢᠭᠤᠷ ᠲᠦᠬᠦᠷᠢᠭ ᠲᠤ ᠬᠦᠷᠴᠤ᠂ 29. | 5% ᠶᠢ ᠡᠵᠡᠯᠡᠪᠡ︔ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ | ᠡᠵᠡᠩᠨᠡᠯᠲᠡ ᠶᠢᠨ ᠣᠷᠣᠯᠭ᠎ᠠ ᠶᠢ 0.32 ᠳ᠋ᠦᠩᠰᠢᠭᠤᠷ ᠲᠥᠭᠦᠷᠢᠭ ᠪᠡᠶᠡᠯᠡᠭᠦᠯᠵᠦ᠂ 26.2% ᠢ ᠡᠵᠡᠯᠡᠪᠡ︔ ᠰᠠᠭᠤᠭᠠᠯᠢ ᠠᠷᠠᠳ ᠤᠨ ᠦᠢᠯᠡᠴᠢᠯᠡᠭᠡ ᠰᠡᠯᠪᠢᠨ | ᠵᠠᠰᠠᠬᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ | ᠲᠤᠰ ᠲᠤᠰ ᠡᠵᠡᠩᠨᠡᠯᠲᠡ ᠶᠢᠨ ᠣᠷᠣᠯᠭ᠎ᠠ ᠶᠢ 0.01 ᠳ᠋ᠦᠩᠰᠢᠭᠤᠷ ᠲᠥᠭᠦᠷᠢᠭ᠂ 0.01 ᠳ᠋ᠦᠩᠰᠢᠭᠤᠷ ᠲᠥᠭᠦᠷᠢᠭ᠂ 0.04 ᠳ᠋ᠦᠩᠰᠢᠭᠤᠷ | ᠲᠥᠭᠦᠷᠢᠭ ᠪᠡᠶᠡᠯᠡᠭᠦᠯᠪᠡ᠃ | ᠵᠢᠷᠭᠤᠭ᠎ᠠ᠂ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠵᠡᠷᠭᠡ ᠪᠠᠷ ᠨᠡᠮᠡᠭᠳᠡᠵᠦ ᠬᠤᠲᠠ ᠬᠥᠳᠡᠭᠡ ᠶᠢᠨ ᠵᠥᠷᠢᠶ᠎ᠡ ᠦᠷᠭᠦᠯᠵᠢᠯᠡᠨ ᠪᠠᠭᠠᠰᠪᠠ | ᠨᠢᠭᠡᠳᠦᠭᠡᠷ ᠤᠯᠠᠷᠢᠯ ᠳᠤ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15483 ᠲᠥᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 16245 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.8% ᠢᠶᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9294 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠢᠶᠠᠷ ᠨᠡᠮᠡᠭᠳᠡᠪᠡ᠃ | ᠨᠢᠭᠡᠳᠦᠭᠡᠷ ᠤᠯᠠᠷᠢᠯ ᠳᠤ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠶ ᠵᠠᠷᠤᠯᠭ᠎ᠠ 8721 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠶ ᠵᠠᠷᠤᠯᠭ᠎ᠠ ᠶᠢ 9466 ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 4.0% ᠢᠶᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ | ᠴᠢᠨᠠᠷᠲᠠᠶ ᠵᠠᠷᠤᠯᠭ᠎ᠠ ᠶᠢ 8452 ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ᠃ | ᠲᠤᠯᠤᠭ᠎ᠠ᠂ ᠤᠷᠢᠳ ᠢᠶᠠᠷ ᠬᠡᠷᠡᠭᠵᠢᠭᠦᠯᠬᠦ ᠭᠦᠢᠴᠡᠳᠬᠡᠯ ᠲᠤᠭ᠎ᠠ ᠶᠢᠨ ᠬᠠᠨᠳᠤᠰᠢ ᠰᠠᠶᠢᠨ ᠪᠠᠶᠢᠵᠤ ᠮᠥᠩᠭᠦᠨ ᠭᠦᠢᠯᠭᠡᠭᠡᠨ ᠤ ᠬᠠᠳᠠᠭᠠᠯᠠᠮᠵᠢ | ᠵᠢᠭᠡᠯᠡᠯᠭᠡ ᠶᠢᠨ ᠡᠷᠬᠢᠯᠲᠡ ᠲᠣᠭᠲᠠᠭᠤᠨ ᠪᠠᠶᠢᠨ᠎ᠠ | ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 38.8 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 304.3% ᠪᠠᠷ ᠨᠡᠮᠡᠭᠳᠡᠪᠡ᠃ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠶᠢ 20.0 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 71.2% ᠢᠶᠠᠷ ᠨᠡᠮᠡᠭᠳᠡᠪᠡ᠃ | 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ | ᠬᠠᠳᠠᠭᠠᠯᠠᠮᠵᠢ ᠶᠢᠨ ᠦᠯᠡᠳᠡᠪᠦᠷᠢ 247.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.4% ᠪᠠᠷ ᠨᠡᠮᠡᠭᠳᠡᠪᠡ︔ ᠪᠥᠬᠦ | ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 166.47 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠪᠠᠷ ᠪᠠᠭᠤᠷᠠᠪᠠ᠃ | ᠶᠡᠷᠦᠩᠬᠡᠶ ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ ᠳᠤ ᠮᠠᠨ ᠤ ᠬᠤᠰᠢᠭᠤᠨ ᠤ ᠠᠵᠤ ᠠᠬᠤᠶ ᠶᠢᠨ ᠡᠷᠬᠢᠯᠲᠡ ᠲᠣᠭᠲᠠᠭᠤᠨ ᠢᠶᠠᠷ ᠡᠬᠢᠯᠡᠵᠦ᠂ | ᠰᠠᠶᠢᠵᠢᠷᠠᠬᠤ ᠬᠠᠨᠳᠤᠰᠢ ᠲᠠᠰᠤᠷᠠᠯᠲᠠ ᠥᠬᠡᠶ ᠪᠦᠷᠢᠯᠳᠦᠨ᠂ ᠬᠥᠭᠵᠢᠯᠲᠡ ᠶᠢᠨ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠪᠡ᠃ ᠡᠭᠦᠨ ᠤ ᠬᠠᠮᠲᠤ᠂ | ᠭᠠᠳᠠᠭᠠᠳᠤ ᠣᠷᠴᠢᠨ ᠨᠥᠬᠦᠴᠡᠯ ᠨᠡᠩ ᠪᠤᠳᠤᠯᠢᠶᠠᠨᠲᠠᠢ ᠬᠦᠨᠳᠦ ᠬᠡᠴᠡᠭᠦᠦ ᠪᠣᠯᠵᠤ᠂ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ | ᠪᠠᠲᠤᠯᠠᠬᠤ ᠳᠤ ᠮᠥᠨ ᠬᠦᠴᠦ ᠨᠡᠮᠡᠬᠦ ᠴᠢᠬᠤᠯᠠᠲᠠᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠳᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠪᠦᠲᠦᠮᠵᠢᠲᠡᠢ ᠬᠡᠷᠡᠭᠴᠡᠭᠡ | ᠱᠠᠭᠠᠷᠳᠠᠯᠭ᠎ᠠ ᠶᠢ ᠶᠡᠬᠡᠪᠡᠷ ᠬᠥᠭᠵᠢᠭᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠬᠥᠭᠵᠢᠭᠦᠯᠵᠦ᠂ ᠪᠦᠬᠦ ᠬᠤᠰᠢᠭᠤᠨ ᠤ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ | |